6 ᠰᠠᠷ᠎ᠠ ᠶᠢᠨ 9 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠬᠦᠴᠦᠯᠡᠨ ᠬᠦᠴᠦᠷᠬᠡᠭᠵᠢᠭᠦᠯᠵᠦ᠂ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠬᠢᠴᠢᠶᠡᠯ ᠨᠢᠭᠡ ᠪᠦᠷᠢ ᠪᠠ ᠰᠤᠷᠤᠬᠴᠢᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠡᠮᠦᠨᠡᠰᠢᠯᠡᠵᠦ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠤᠶᠠᠯᠳᠤᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ︽ᠮᠧᠩ ᠺᠧ ᠵᠢᠦᠢ︾ ᠶᠢ ᠰᠠᠶᠢᠲᠤᠷ ᠬᠡᠷᠡᠭᠯᠡᠨ᠂ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ᠂ ᠦᠷ᠎ᠡ ᠪᠦᠲᠦᠭᠡᠯ ᠢᠶᠠᠨ ᠦᠢᠯᠡᠳᠪᠦᠷᠢᠯᠡᠯ ᠤᠨ ᠬᠦᠴᠦᠨ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠡᠷᠲᠡᠬᠡᠨ ᠬᠢᠨᠠᠨ ᠬᠠᠷᠭᠤᠭᠤᠯᠵᠤ᠂ ᠡᠷᠲᠡᠬᠡᠨ ᠰᠢᠢᠳᠪᠦᠷᠢᠯᠡᠵᠦ᠂ ᠡᠷᠲᠡᠬᠡᠨ ᠰᠢᠢᠳᠪᠦᠷᠢᠯᠡᠵᠦ ᠳᠠᠭᠤᠰᠬᠠᠵᠤ᠂ ᠲᠥᠷᠥ ᠶᠢᠨ ᠪᠣᠳᠣᠯᠭ᠎ᠠ ᠳᠤ ᠨᠡᠶᠢᠴᠡᠬᠦ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠷᠢᠳ ᠢᠶᠠᠷ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠲᠡᠢ︔ ᠲᠦᠷᠦ ᠶᠢᠨ ᠪᠣᠳᠣᠯᠭ᠎ᠠ ᠳᠤ ᠨᠡᠶᠢᠴᠡᠬᠦ ᠦᠭᠡᠢ ᠶᠢ ᠨᠢ ᠴᠢᠨᠠᠭᠰᠢᠳᠠ ᠪᠣᠳᠠᠲᠠᠢ ᠠᠰᠠᠭᠤᠨ ᠰᠤᠷᠪᠤᠯᠵᠢᠯᠠᠵᠤ᠂ ᠤᠯᠠᠨ ᠲᠦᠮᠡᠨ ᠤ ᠠᠵᠢᠯ ᠢ ᠨᠢᠭᠤᠷᠳᠠᠨ ᠰᠠᠶᠢᠲᠤᠷ ᠬᠢᠬᠦ ᠬᠡᠷᠡᠭᠲᠡᠢ᠃ ᠨᠡᠶᠢᠲᠡᠯᠢᠭ ᠴᠢᠨᠠᠷᠲᠠᠢ ᠲᠣᠪᠣᠶᠢᠮ᠎ᠠ ᠠᠰᠠᠭᠤᠳᠠᠯ ᠢ ᠲᠡᠰ ᠳᠠᠪᠠᠭᠤᠯᠤᠨ ᠰᠤᠳᠤᠯᠵᠤ᠂ ᠨᠢᠭᠡ ᠠᠰᠠᠭᠤᠳᠠᠯ ᠢ ᠢᠯᠡᠷᠡᠭᠦᠯᠪᠡᠯ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︽ᠨᠢᠭᠡ ᠱᠤᠭᠤᠮ︾ ᠤᠨ ᠲᠣᠭᠲᠠᠴᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠷ᠎ᠡ ᠳ᠋ᠦᠩ ᠨᠢ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠂ ᠶᠠᠭᠠᠬᠢᠭᠰᠠᠨ ᠴᠤ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠴᠦ ᠪᠤᠯᠬᠤ ᠦᠭᠡᠢ ᠭᠡᠵᠦ ᠱᠠᠭᠠᠷᠳᠠᠪᠠ᠃
ᠬᠤᠷᠠᠯ ᠠᠴᠠ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠣᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ︽ᠵᠢᠷᠭᠤᠭᠠᠨ ᠠᠵᠢᠯᠯᠠᠭ᠎ᠠ︾ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠡᠨᠧᠷᠭᠢ ᠶᠢᠨ ᠬᠤᠷᠣᠭᠳᠠᠭᠤᠯᠤᠯ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠪᠡᠯᠡ ᠮᠥᠩᠭᠦᠨ ᠤ ᠢᠷᠡᠯᠲᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠦᠨᠡᠯᠡᠨ ᠵᠢᠱᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠲᠦᠷᠦᠯ ᠵᠦᠢᠯ ᠨᠢ ᠪᠦᠷ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠢᠯᠡᠷᠡᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠬᠤ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠭᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠠᠷ ᠳᠡᠮᠵᠢᠨ ᠮᠠᠯᠴᠢᠨ ᠲᠠᠷᠢᠶᠠᠴᠢᠨ ᠢ ᠳᠠᠶᠢᠴᠢᠯᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠳᠤ ᠣᠷᠣᠯᠴᠠᠭᠤᠯᠵᠤ ᠣᠶᠢᠷ᠎ᠠ ᠬᠠᠪᠢ ᠳᠤᠨᠢ ᠠᠵᠢᠯ ᠣᠯᠭᠤᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠣᠷᠣᠰᠢᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠦᠢᠯᠡᠴᠢᠯᠡᠭᠡ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠣᠯᠣᠨ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠵᠢᠷᠭᠤᠭᠠᠨ ᠲᠠᠯ᠎ᠠ ᠶᠢᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠦᠨᠡᠨ ᠬᠦ ᠬᠠᠲᠠᠭᠤ ᠲᠠᠢ ᠨᠢ ᠬᠠᠯᠳᠠᠵᠤ ᠰᠢᠭᠰᠢᠨ ᠪᠠᠶᠢᠴᠠᠭᠠᠵᠤ᠂ ᠥᠩᠭᠡᠨ ᠲᠠᠯ᠎ᠠ ᠶᠢᠨ ᠲᠡᠳᠦᠢ ᠪᠠᠶᠢᠵᠤ ᠪᠤᠯᠬᠤ ᠦᠭᠡᠢ ᠨᠡᠩ ᠴᠤ ᠳᠤᠲᠠᠭᠤᠳᠠᠯ ᠢᠶᠠᠨ ᠳᠠᠷᠤᠵᠤ ᠪᠤᠯᠬᠤ ᠦᠭᠡᠢ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠢ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠪᠦᠭᠦ ᠲᠠᠯ᠎ᠠ ᠳᠤ ᠬᠤᠯᠪᠣᠭᠳᠠᠬᠤ ᠵᠦᠢᠯ ᠢ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠭᠰᠠᠨ ᠢ ᠰᠢᠯᠭᠠᠨ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠵᠢᠴᠢ ᠭᠦᠭᠡᠬᠤᠲᠠ ᠪᠤᠭᠤᠲᠤ ᠣᠷᠳᠣᠰ ᠪᠣᠯᠣᠨ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠠᠮᠵᠢᠯᠴᠠᠭ᠎ᠠ᠂ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠰᠤᠳᠤᠯᠵᠠᠢ᠃