2023 ᠣᠨ ᠳᠤ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠯᠢ ᠮᠢᠨ ᠮᠢᠨ ᠪᠤᠭᠤᠲᠤ ᠬᠤᠳᠠ ᠶᠢᠨ ᠶᠢᠩ ᠰᠧ ᠲᠧ ᠬᠤᠪᠣᠷ ᠰᠢᠷᠤᠢ ᠶᠢᠨ ᠰᠣᠷᠢᠨᠵᠢᠨᠲᠦ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠰᠣᠷᠢᠨᠵᠢᠨ ᠤᠬᠠᠭᠠᠨ ᠤ ᠢᠨᠵᠧᠨᠧᠷ ᠤᠨ ᠠᠵᠢᠯ ᠤᠨ ᠪᠠᠶᠢᠷᠢ ᠳᠤ ᠡᠯᠰᠡᠭᠳᠡᠪᠡ᠂ ︽ᠲᠤᠬᠠᠢ ᠶᠢᠨ ᠦᠶ᠎ᠡ ᠳᠤ ᠰᠠᠯᠠᠭ᠎ᠠ ᠮᠥᠴᠢᠷ ᠠᠴᠠ ᠵᠢᠯᠣᠭᠤᠳᠤᠭᠴᠢ ᠪᠠᠭᠰᠢ ᠲᠣᠬᠢᠷᠠᠭᠤᠯᠤᠭᠰᠠᠨ ᠨᠢ ᠪᠢᠳᠡᠨ ᠤ ᠠᠵᠢᠯ ᠤᠨ ᠲᠠᠯᠠᠪᠤᠷ ᠲᠤ ᠲᠦᠷᠭᠡᠨ ᠵᠣᠬᠢᠴᠠᠬᠤ ᠳᠤ ᠲᠤᠰᠠ ᠪᠣᠯᠵᠠᠢ︾᠃ ᠯᠢ ᠮᠢᠨ ᠮᠢᠨ ᠬᠡᠯᠡᠬᠦ ᠳᠤ ᠪᠠᠨ᠂ ︽ᠪᠢ ᠺᠣᠮᠫᠠᠨᠢ ᠶᠢᠨ ᠣᠯᠠᠨ ᠲᠥᠷᠥᠯ ᠵᠦᠢᠯ ᠳᠤ ᠭᠦᠨᠵᠡᠭᠡᠢ ᠣᠷᠣᠯᠴᠠᠵᠤ᠂ ᠲᠤᠰᠬᠠᠢ ᠠᠰᠢᠭ ᠤᠨ ᠦᠷ᠎ᠡ ᠪᠦᠲᠦᠭᠡᠯ ᠲᠠᠢ ᠪᠣᠯᠣᠭᠰᠠᠨ ᠪᠢᠯᠡ︾ ᠭᠡᠪᠡ᠃

ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠵᠢᠯᠣᠭᠤᠳᠤᠭᠴᠢ ᠪᠠᠭᠰᠢ ᠶᠢᠨ ᠪᠠᠶᠢᠩᠭᠤ ᠶᠢᠨ ᠪᠣᠯᠪᠠᠰᠤᠷᠠᠯ᠃
ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠢ ᠤᠷᠢᠨ ᠡᠯᠰᠡᠬᠦ ᠪᠠ ᠬᠥᠮᠥᠵᠢᠭᠦᠯᠬᠦ ᠪᠠᠷ ᠳᠡᠮᠵᠢᠨ᠂ ᠣᠶᠢᠷ᠎ᠠ ᠶᠢᠨ ᠬᠤᠶᠠᠷ ᠵᠢᠯ ᠳᠤ᠂ ᠶᠢᠩ ᠰᠧ ᠲᠧ ᠺᠣᠮᠫᠠᠨᠢ ᠨᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ 130 ᠭᠠᠷᠤᠢ ᠡᠯᠰᠡᠨ ᠠᠪᠴᠠᠢ᠂ ᠡᠭᠦᠨ ᠤ ᠳᠣᠲᠣᠷ᠎ᠠ ᠠᠰᠫᠢᠷᠠᠨᠲ ᠵᠢᠴᠢ ᠲᠡᠭᠦᠨ ᠠᠴᠠ ᠦᠨᠳᠦᠷ ᠰᠤᠷᠤᠯᠭ᠎ᠠ ᠶᠢᠨ ᠨᠠᠮᠲᠠᠷ ᠲᠠᠢ ᠨᠢ 20 ᠬᠥᠮᠥᠨ ᠪᠣᠶ᠃ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠴᠢᠳᠠᠪᠤᠷᠢᠲᠠᠨ ᠨᠥᠭᠡᠴᠡᠯᠡᠬᠦ ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠴᠦᠮ ᠨᠥᠭᠡᠴᠡᠯᠡᠬᠦ ᠬᠡᠪᠴᠢᠶᠡᠨ ᠳᠤ ᠣᠷᠣᠭᠤᠯᠵᠤ᠂ ᠬᠥᠮᠥᠨ ᠪᠦᠷᠢ ᠳᠤ ᠰᠠᠷ᠎ᠠ ᠪᠦᠷᠢ 1000 ᠲᠥᠭᠦᠷᠢᠭ ᠤᠨ 24 ᠰᠠᠷ᠎ᠠ ᠶᠢᠨ ᠠᠮᠢᠳᠤᠷᠠᠯ ᠤᠨ ᠨᠡᠮᠡᠭᠦᠷᠢ ᠣᠯᠭᠤᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠨᠢ ᠨᠢᠭᠡ ᠲᠠᠯ᠎ᠠ ᠪᠠᠷ ᠠᠵᠤ ᠠᠬᠤᠶᠢᠯᠠᠯ ᠤᠨ ᠬᠥᠮᠥᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠨᠥᠭᠦᠭᠡ ᠲᠠᠯ᠎ᠠ ᠪᠠᠷ ᠠᠵᠤ ᠠᠬᠤᠶᠢᠯᠠᠯ ᠤᠨ ᠨᠠᠩ ᠣᠯᠠᠨ ᠠᠵᠢᠯ ᠤᠨ ᠪᠠᠶᠢᠷᠢ ᠭᠠᠷᠭᠠᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠠᠪᠬᠤ ᠳᠤ ᠵᠣᠷᠢᠭᠵᠢᠭᠤᠯᠤᠯ ᠪᠣᠯᠵᠠᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠡᠨᠡ ᠵᠢᠯ ᠶᠢᠩ ᠰᠧ ᠲᠧ ᠺᠣᠮᠫᠠᠨᠢ 40 ᠳᠠᠳᠤᠯᠭ᠎ᠠ ᠶᠢᠨ ᠠᠵᠢᠯ ᠤᠨ ᠪᠠᠶᠢᠷᠢ ᠨᠡᠮᠡᠵᠦ ᠲᠣᠬᠢᠷᠠᠭᠤᠯᠬᠤ ᠶᠢᠨ ᠬᠠᠮᠲᠤ ᠤᠯᠠᠷᠢᠭᠤᠯᠤᠨ ᠡᠯᠰᠡᠵᠦ ᠬᠡᠷᠡᠭᠯᠡᠬᠦ ᠡᠷᠴᠢᠮ ᠢᠶᠠᠨ ᠴᠢᠩᠭᠠᠷᠠᠭᠤᠯᠬᠤ ᠪᠠᠷ ᠲᠥᠯᠥᠪᠯᠡᠵᠦ ᠪᠠᠶᠢᠨ᠎ᠠ᠃
︽ᠪᠢᠳᠡ ᠣᠷᠣᠨ ᠤ ᠳᠣᠲᠣᠷ᠎ᠠ ᠭᠠᠳᠠᠨᠠᠬᠢ ᠣᠯᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠮᠡᠷᠭᠡᠵᠢᠯ ᠤᠨ ᠰᠤᠳᠤᠯᠤᠨ ᠨᠡᠭᠡᠭᠡᠬᠦ ᠬᠠᠮᠲᠤᠷᠠᠯᠴᠠᠭ᠎ᠠ᠂ ᠠᠵᠤ ᠠᠬᠤᠶᠢᠯᠠᠯ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠬᠢᠵᠦ᠂ ᠮᠡᠷᠭᠡᠵᠢᠯ ᠤᠨ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠪᠠ ᠴᠢᠳᠠᠪᠤᠷᠢᠲᠠᠨ ᠤ ᠬᠦᠷᠢᠶᠡᠨ ᠳᠠᠬᠢ ᠬᠤᠣᠰ ᠴᠢᠭᠯᠡᠯ ᠢᠶᠠᠷ ᠰᠣᠯᠢᠯᠴᠠᠬᠤ ᠶᠢ ᠪᠡᠶᠡᠯᠡᠭᠦᠯᠵᠡᠢ᠃ ᠣᠯᠠᠨ ᠡᠰᠢᠴᠢᠯᠡᠭᠰᠡᠨ ᠰᠢᠨ᠎ᠡ ᠶᠢ ᠡᠭᠦᠳᠬᠦ ᠲᠠᠪᠴᠠᠩ ᠢ ᠪᠣᠶᠢᠵᠢᠭᠤᠯᠬᠤ ᠪᠠᠷ ᠳᠠᠮᠵᠢᠭᠤᠯᠤᠨ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠣᠶᠢᠷ᠎ᠠ ᠶᠢᠨ ᠬᠤᠶᠠᠷ ᠵᠢᠯ ᠳᠤ ᠺᠣᠮᠫᠠᠨᠢ ᠶᠢᠨ ᠣᠷᠣᠭᠤᠯᠤᠨ ᠠᠪᠴᠢᠷᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠯᠠᠩᠬᠢ ᠨᠢ ᠨᠢᠭᠡᠨᠲᠡ ᠰᠢᠨᠵᠢᠯᠡᠬᠦ ᠤᠬᠠᠭᠠᠨ ᠤ ᠰᠤᠳᠤᠯᠭᠠᠨ ᠤ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ︾᠃ ᠲᠣᠰ ᠺᠣᠮᠫᠠᠨᠢ ᠶᠢᠨ ᠬᠠᠷᠢᠭᠤᠴᠠᠯᠭᠠᠲᠠᠨ ᠬᠡᠯᠡᠬᠦ ᠳᠤ ᠪᠠᠨ᠂ ᠺᠣᠮᠫᠠᠨᠢ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠪᠠᠷᠢᠮᠵᠢᠶ᠎ᠠ ᠶᠢᠨ ᠪᠤᠰᠤ ᠠᠦ᠋ᠲ᠋ᠣᠴᠢᠯᠠᠭᠰᠠᠨ ᠵᠢᠷᠤᠭ ᠲᠥᠯᠥᠪᠯᠡᠭᠡ᠂ ᠣᠶᠤᠨᠴᠢ ᠦᠢᠯᠡᠳᠬᠡᠯ ᠵᠡᠷᠭᠡ ᠬᠦᠷᠢᠶᠡᠨ ᠳᠠᠬᠢ ᠠᠵᠢᠯ ᠤᠨ ᠪᠠᠶᠢᠷᠢ ᠶᠢᠨ ᠬᠠᠩᠭᠠᠯᠭ᠎ᠠ ᠪᠠᠨ ᠨᠡᠮᠡᠭᠳᠡᠭᠦᠯᠵᠦ᠂ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ︾ ᠶᠢᠨ ᠲᠣᠭᠤᠷᠢᠨ ᠳᠤ ᠨᠠᠩ ᠣᠯᠠᠨ ᠴᠢᠳᠠᠪᠤᠷᠢᠲᠠᠨ ᠢ ᠰᠢᠩᠭᠡᠬᠡᠨ ᠠᠪᠴᠤ ᠬᠥᠮᠥᠵᠢᠭᠦᠯᠦᠨ᠎ᠡ ᠭᠡᠵᠡᠢ᠃

2025 ᠣᠨ ᠤ ︽ᠤᠷᠢᠬᠠᠨ ᠰᠠᠯᠬᠢᠨ ᠤ ᠠᠵᠢᠯᠯᠠᠭᠠᠨ᠂ ᠬᠦᠯᠦᠰᠦᠨ ᠠᠵᠢᠯᠴᠢᠨ ᠤ ᠤᠷᠢᠬᠠᠨ ᠬᠠᠪᠤᠷ᠂ ᠠᠵᠢᠯ ᠣᠯᠭᠤᠯᠲᠠ ᠶᠢᠨ ᠲᠤᠰᠠᠯᠠᠮᠵᠢ︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠃
ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠬᠦ ᠳᠤ ᠪᠠᠭᠲᠠᠭᠠᠮᠵᠢ ᠶᠢ ᠥᠷᠭᠡᠳᠬᠡᠬᠦ ᠪᠠᠷ ᠪᠠᠷᠠᠬᠤ ᠦᠭᠡᠢ ᠨᠡᠩ ᠴᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠥᠪᠥᠷ ᠮᠣᠩᠭᠤᠯ ᠠᠯᠢ ᠣᠯᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠤ ᠠᠬᠤᠶᠢᠯᠠᠯ ᠢ ᠳᠡᠮᠵᠢᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠡᠵᠡᠩᠨᠡᠯᠲᠡ ᠶᠢᠨ ᠭᠤᠣᠯ ᠴᠣᠭᠴᠠ ᠳᠤ ᠥᠨᠳᠥᠷ ᠪᠦᠲᠦᠮᠵᠢᠲᠡᠶ ᠪᠠᠷ ᠰᠢᠭᠤᠳ ᠬᠦᠷᠲᠡᠭᠡᠬᠦ ᠶᠢ ᠦᠨᠡᠨ ᠬᠦ ᠪᠠᠲᠤᠯᠠᠪᠠ᠃
ᠡᠨᠡ ᠵᠢᠯ ᠠᠴᠠ ᠨᠠᠭᠠᠰᠢ᠂ ᠥᠪᠥᠷ ᠮᠣᠩᠭᠤᠯ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠡᠮᠡᠭᠦᠷᠢ ᠪᠠ ᠠᠵᠢᠯ ᠤᠨ ᠪᠠᠶᠢᠷᠢ ᠶᠢ ᠥᠷᠭᠡᠳᠬᠡᠬᠦ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ 13.1 ᠳ᠋ᠦᠩᠰᠢᠭᠤᠷ ᠲᠥᠭᠦᠷᠢᠭ ᠬᠥᠭᠵᠢᠭᠡᠨ᠂ ᠦᠢᠯᠡᠰ ᠪᠤᠰᠬᠠᠬᠤ ᠳᠠᠭᠠᠭᠠᠯᠲᠠ ᠲᠠᠢ ᠵᠢᠭᠡᠯᠡᠯᠭᠡ ᠶᠢ 3.41 ᠳ᠋ᠦᠩᠰᠢᠭᠤᠷ ᠲᠥᠭᠦᠷᠢᠭ ᠲᠠᠯᠪᠢᠵᠤ᠂ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠳᠤ ᠲᠤᠰᠠᠯᠠᠬᠤ ᠲᠤᠰᠬᠠᠢ ᠵᠦᠢᠯ ᠤᠨ ᠵᠢᠭᠡᠯᠡᠯᠭᠡ ᠶᠢ 2.29 ᠳ᠋ᠦᠩᠰᠢᠭᠤᠷ ᠲᠥᠭᠦᠷᠢᠭ ᠲᠠᠷᠬᠠᠭᠠᠭᠰᠠᠨ ᠪᠠᠶᠢᠨ᠎ᠠ᠃ ᠪᠥᠬᠦ ᠣᠷᠣᠨ ᠳᠠᠬᠢ ᠡᠵᠡᠩᠨᠡᠯᠲᠡ ᠶᠢᠨ ᠭᠤᠣᠯ ᠴᠣᠭᠴᠠ ᠬᠥᠭᠵᠢᠭᠡᠳ 295.12 ᠲᠦᠮᠡᠨ ᠡᠷᠦᠬᠡ ᠪᠣᠯᠪᠠ᠃
ᠣᠳᠣᠬᠠᠨ ᠳᠤ᠂ ᠥᠪᠥᠷ ᠮᠣᠩᠭᠤᠯ ᠶᠠᠭ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ︽ᠪᠠᠲᠤᠯᠠᠭ᠎ᠠ ᠶᠢᠨ ᠲᠣᠣᠷ︾ ᠢ ᠪᠥᠬᠦ ᠬᠡᠯᠬᠢᠶ᠎ᠡ ᠪᠠᠷ ᠨᠢᠭᠲᠠ ᠰᠦᠯᠵᠢᠵᠦ ᠪᠤᠢ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠤᠯᠠᠮ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠲᠦᠷᠭᠡᠳᠬᠡᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠠᠮ ᠴᠢᠩᠭᠠᠷᠠᠭᠤᠯᠬᠤ ᠪᠠᠨ ᠠᠬᠢᠭᠤᠯᠵᠤ᠂ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠪᠦᠭᠡᠳ ᠭᠦᠢᠴᠡᠳ ᠠᠵᠢᠯ ᠣᠯᠭᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃