|
| ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠳᠣᠬᠢᠷᠠᠭᠤᠯᠭ᠎ᠠ ᠶᠢ ᠳᠡᠮᠵᠢᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠰᠠᠶᠢᠲᠤᠷ ᠪᠥᠭᠡᠳ ᠭᠦᠢᠴᠡᠳ ᠬᠡᠷᠡᠭᠯᠡᠨ | ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠪᠡᠷᠬᠡᠲᠡᠢ ᠪᠠ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ | ᠠᠬᠢᠭᠤᠯᠵᠤ ᠪᠣᠢ |
|
|
ᠨᠡᠶᠢᠲᠡᠯᠡᠭᠰᠡᠨ ᠴᠠᠭ᠄
2025/6/11
|
|
ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠡᠷᠴᠢᠮ ᠢ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠪᠡᠷᠬᠡᠲᠡᠢ ᠪᠠ ᠦᠨᠡᠲᠡᠶ ᠪᠠᠶᠢᠬᠤ᠂ ᠤᠳᠠᠭᠠᠨ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠳᠣᠬᠢᠷᠠᠭᠤᠯᠭ᠎ᠠ ᠶᠢ ᠳᠡᠮᠵᠢᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠢᠩᠭᠠᠨ ᠠᠵᠤ ᠠᠬᠤᠶᠢᠯᠠᠯ ᠲᠦᠮᠡᠨ ᠡᠷᠦᠬᠡ ᠳᠤ ᠬᠦᠷᠴᠦ ᠰᠣᠷᠪᠣᠯᠵᠢᠯᠠᠬᠤ ᠲᠣᠮᠣ ᠠᠵᠢᠯᠯᠠᠭᠠᠨ ᠢ ᠥᠷᠨᠢᠭᠦᠯᠵᠦ᠂ ᠨᠢᠭᠡ ᠲᠠᠯ᠎ᠠ ᠪᠠᠷ ᠠᠵᠤ ᠠᠬᠤᠶᠢᠯᠠᠯ ᠲᠠᠢ ᠬᠤᠯᠪᠣᠯᠳᠤᠨ᠂ ᠨᠢᠭᠡ ᠲᠠᠯ᠎ᠠ ᠪᠠᠷ ᠪᠠᠩᠬᠢ ᠲᠠᠢ ᠬᠤᠯᠪᠣᠭᠠᠯᠠᠵᠤ᠂ ᠠᠵᠢᠯ ᠤᠨ ᠲᠤᠰᠬᠠᠶ ᠪᠠᠭ ᠲᠣᠮᠢᠯᠠᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠰᠣᠷᠪᠣᠯᠵᠢᠯᠠᠭᠠᠳ ᠲᠠᠨᠢᠯᠴᠠᠭᠤᠯᠬᠤ ᠨᠠᠷᠢᠨ ᠲᠠᠩᠰᠠ ᠶᠢ ᠪᠦᠷᠢᠯᠳᠦᠭᠦᠯᠵᠦ᠂ ᠲᠠᠨᠢᠯᠴᠠᠭᠤᠯᠬᠤ ᠨᠠᠷᠢᠨ ᠲᠠᠩᠰᠠ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠨ ᠥᠭᠴᠦ᠂ ᠵᠢᠵᠢᠭ ᠪᠢᠴᠢᠯ ᠠᠵᠤ ᠠᠬᠤᠶᠢᠯᠠᠯ ᠳᠤ ᠪᠠᠯᠠ ᠲᠣᠬᠢᠷᠠᠭᠤᠯᠬᠤ ᠶᠢ ᠨᠢ ᠣᠨᠣᠴᠠᠲᠠᠶ ᠪᠠᠷ ᠵᠣᠯᠭᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠰᠢᠭᠤᠳ ᠪᠠᠭᠤᠯᠭᠠᠬᠤ ᠶᠢ ᠨᠢ ᠠᠬᠢᠭᠤᠯᠤᠭᠰᠠᠨ ᠪᠠᠶᠢᠨ᠎ᠠ᠃ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠥᠬᠦ ᠣᠷᠣᠨ ᠳᠤ ᠨᠡᠶᠢᠲᠡ 205.8 ᠲᠦᠮᠡ ᠭᠠᠷᠤᠶ ᠠᠵᠤ ᠠᠬᠤᠶᠢᠯᠠᠯ ᠢ ᠰᠤᠷᠪᠤᠯᠵᠢᠯᠠᠵᠤ᠂ ᠨᠢᠭᠡᠨᠲᠡ 21.7 ᠲᠦᠮᠡᠨ ᠠᠵᠤ ᠠᠬᠤᠶᠢᠯᠠᠯ ᠢ ︽ᠲᠠᠨᠢᠯᠴᠠᠭᠤᠯᠬᠤ ᠨᠠᠷᠢᠨ ᠲᠠᠩᠰᠠ︾ ᠳᠤ ᠣᠷᠣᠭᠤᠯᠪᠠ᠃ ᠢᠲᠡᠭᠡᠮᠵᠢ ᠣᠯᠭᠤᠵᠤ ᠵᠢᠭᠡᠯᠡᠯᠭᠡ ᠲᠠᠯᠪᠢᠬᠤ ᠲᠠᠯ᠎ᠠ ᠪᠠᠷ᠂ ︽ᠲᠠᠨᠢᠯᠴᠠᠭᠤᠯᠬᠤ ᠨᠠᠷᠢᠨ ᠲᠠᠩᠰᠠ︾ ᠳᠠᠬᠢ ᠢᠲᠡᠭᠡᠮᠵᠢ ᠣᠯᠣᠭᠰᠠᠨ ᠠᠵᠤ ᠠᠬᠤᠶᠢᠯᠠᠯ 17.5 ᠲᠦᠮᠡᠨ ᠡᠷᠦᠬᠡ᠂ ᠵᠢᠭᠡᠯᠯᠡᠭᠡ ᠣᠯᠣᠭᠰᠠᠨ ᠠᠵᠤ ᠠᠬᠤᠶᠢᠯᠠᠯ 15.9 ᠲᠦᠮᠡᠨ ᠡᠷᠦᠬᠡ ᠪᠠᠶᠢᠵᠦ᠂ ᠲᠠᠨᠢᠯᠴᠠᠭᠤᠯᠬᠤ ᠨᠠᠷᠢᠨ ᠳᠠᠩᠰᠠᠨ ᠳᠠᠬᠢ 80.6% ᠶᠢᠨ ᠠᠵᠤ ᠠᠬᠤᠶᠢᠯᠠᠯ ᠢᠲᠡᠭᠡᠮᠵᠢ ᠣᠯᠪᠠ᠃ ᠢᠲᠡᠭᠡᠮᠵᠢ ᠪᠠᠷ ᠣᠯᠭᠤᠭᠰᠠᠨ ᠨᠡᠶᠢᠲᠡ ᠵᠣᠭᠤᠰ ᠤᠨ ᠲᠤᠭ᠎ᠠ 1736.9 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠲᠠᠯᠪᠢᠭᠰᠠᠨ ᠨᠡᠶᠢᠲᠡ ᠵᠣᠭᠤᠰ ᠤᠨ ᠲᠤᠭ᠎ᠠ 1397.8 ᠳ᠋ᠦᠩᠰᠢᠭᠤᠷ ᠲᠥᠭᠦᠷᠢᠭ ᠲᠤ ᠬᠦᠷᠪᠡ᠂ ᠡᠭᠦᠨ ᠳᠤ 44.7% ᠨᠢ ᠢᠲᠡᠭᠡᠮᠵᠢᠲᠦ ᠵᠢᠭᠡᠯᠡᠯᠭᠡ ᠪᠠᠶᠢᠵᠤ᠂ ᠵᠢᠵᠢᠭ ᠪᠢᠴᠢᠯ ᠠᠵᠤ ᠠᠬᠤᠶᠢᠯᠠᠯ ᠳᠤ ᠲᠠᠯᠪᠢᠭᠰᠠᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠵᠢᠭᠡᠯᠡᠯᠭᠡ ᠨᠡᠶᠢᠲᠡ 987.2 ᠳ᠋ᠦᠩᠰᠢᠭᠤᠷ ᠲᠥᠭᠦᠷᠢᠭ ᠲᠤ ᠬᠦᠷᠪᠡ᠃ ᠠᠩᠬᠠᠳᠠᠭᠴᠢ ᠵᠢᠭᠡᠯᠡᠯᠭᠡ ᠣᠯᠣᠭᠰᠠᠨ ᠠᠵᠤ ᠠᠬᠤᠶᠢᠯᠠᠯ 2462 ᠡᠷᠦᠬᠡ ᠪᠣᠯᠣᠨ ᠥᠷᠭᠡᠵᠢᠵᠦ᠂ ᠵᠣᠭᠤᠰ ᠤᠨ ᠲᠤᠭ᠎ᠠ ᠨᠢ 51.4 ᠳ᠋ᠦᠩᠰᠢᠭᠤᠷ ᠲᠥᠭᠦᠷᠢᠭ ᠲᠤ ᠬᠦᠷᠪᠡ᠂ ᠡᠬᠡ ᠮᠥᠩᠭᠦ ᠶᠢ ᠨᠢ ᠪᠤᠴᠠᠭᠠᠬᠤ ᠥᠬᠡᠶ ᠵᠢᠭᠡᠯᠡᠯᠭᠡ ᠪᠠᠨ ᠦᠷᠭᠦᠯᠵᠢᠯᠡᠭᠦᠯᠦᠭᠰᠡᠨ ᠡᠷᠦᠬᠡ 2.3 ᠲᠦᠮᠡ ᠪᠠᠶᠢᠵᠤ᠂ ᠵᠣᠭᠤᠰ ᠤᠨ ᠲᠤᠭ᠎ᠠ ᠨᠢ 170.9 ᠳ᠋ᠦᠩᠰᠢᠭᠤᠷ ᠲᠥᠭᠦᠷᠢᠭ ᠲᠤ ᠬᠦᠷᠪᠡ᠃ ᠵᠢᠯ ᠤᠨ ᠬᠦᠦ ᠶᠢᠨ ᠨᠣᠷᠮ᠎ᠠ ᠶᠢᠨ ᠲᠠᠯ᠎ᠠ ᠪᠠᠷ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠳᠣᠬᠢᠷᠠᠭᠤᠯᠭ᠎ᠠ ᠶᠢ ᠳᠡᠮᠵᠢᠬᠦ ᠠᠵᠢᠯ ᠤᠨ ᠵᠣᠬᠢᠴᠠᠭᠤᠯᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠵᠢᠭᠡᠯᠡᠯᠭᠡ ᠶᠢᠨ ᠵᠢᠯ ᠤᠨ ᠬᠦᠦ ᠶᠢᠨ ᠳᠤᠮᠳᠠᠴᠢ ᠨᠣᠷᠮ᠎ᠠ ᠶᠢ 19 ᠵᠢᠯ ᠳᠠᠷᠠᠭᠠᠯᠠᠨ ᠪᠠᠭᠤᠷᠠᠭᠤᠯᠵᠤ᠂ ᠬᠠᠮᠤᠭ ᠠᠩᠬᠠᠨ ᠤ 4.73% ᠪᠠᠶᠢᠭᠰᠠᠨ ᠠᠴᠠ ᠪᠠᠭᠤᠷᠠᠭᠤᠯᠤᠭᠠᠳ 4.25% ᠪᠣᠯᠭᠠᠵᠤ᠂ 0.48 ᠵᠠᠭᠤᠨ ᠤ ᠴᠡᠭ ᠪᠠᠭᠤᠷᠠᠭᠤᠯᠪᠠ᠃ ᠠᠷᠠᠳ ᠠᠴᠠ ᠡᠵᠡᠩᠨᠡᠭᠰᠡᠨ ᠠᠵᠤ ᠦᠢᠯᠡᠰ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠭᠤᠤᠯᠳᠠᠯᠭ᠎ᠠ ᠪᠣᠯᠬᠤ ᠠᠷᠠᠳ ᠠᠴᠠ ᠡᠵᠡᠩᠨᠡᠭᠰᠡᠨ 79 ᠡᠷᠦᠬᠡ ︵ᠨᠢᠭᠡᠳᠦᠭᠡᠷ ᠪᠦᠯᠦᠭ ᠲᠤ 69 ᠡᠷᠦᠬᠡ᠂ ᠬᠤᠶᠠᠳᠤᠭᠠᠷ ᠪᠦᠯᠦᠭ ᠲᠤ 10 ᠡᠷᠦᠬᠡ︶ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠡᠮᠬᠢᠯᠡᠨ ᠪᠦᠷᠢᠯᠳᠦᠭᠦᠯᠵᠦ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠭᠤᠣᠯᠴᠢᠯᠠᠨ ᠡᠷᠬᠢᠯᠡᠬᠦ ᠪᠠᠩᠭᠢ ᠬᠠᠷᠢᠭᠤᠴᠠᠬᠤ ᠠᠷᠭ᠎ᠠ ᠶᠢ ᠬᠡᠷᠡᠭᠯᠡᠨ᠂ ︽ᠤᠯᠠᠭᠠᠨ ᠰᠢᠷ᠎ᠠ ᠨᠣᠭᠤᠭᠠᠨ ᠭᠡᠷᠡᠯ︾ ᠤᠨ ᠲᠡᠮᠳᠡᠭ ᠣᠯᠭᠤᠵᠤ ᠲᠤᠳᠤᠷᠬᠠᠶᠢᠯᠠᠪᠠ᠃ ᠣᠲᠣ ᠪᠣᠯᠲᠠᠯ᠎ᠠ᠂ ᠨᠠᠷᠢᠨ ᠳᠠᠩᠰᠠᠨ ᠳᠠᠬᠢ ᠠᠵᠤ ᠠᠬᠤᠶᠢᠯᠠᠯ ᠤᠳ ᠤᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ 515.93 ᠳ᠋ᠦᠩᠰᠢᠭᠤᠷ ᠲᠥᠭᠦᠷᠢᠭ ᠲᠤ ᠬᠦᠷᠴᠦ᠂ ᠢᠲᠡᠭᠡᠮᠵᠢ ᠣᠯᠭᠤᠭᠰᠠᠨ ᠵᠣᠭᠤᠰ ᠤᠨ ᠲᠤᠭ᠎ᠠ 510.36 ᠳ᠋ᠦᠩᠰᠢᠭᠤᠷ ᠲᠥᠭᠦᠷᠢᠭ ᠲᠤ ᠬᠦᠷᠴᠦ᠂ ᠢᠲᠡᠭᠡᠮᠵᠢ ᠣᠯᠭᠤᠭᠰᠠᠨ ᠨᠣᠷᠮ᠎ᠠ 98.92% ᠳᠤ ᠬᠦᠷᠴᠦ᠂ ᠵᠢᠭᠡᠯᠡᠯᠭᠡ ᠶᠢᠨ ᠦᠯᠡᠳᠡᠪᠦᠷᠢ ᠵᠣᠭᠤᠰ ᠤᠨ ᠲᠤᠭ᠎ᠠ 211.18 ᠳ᠋ᠦᠩᠰᠢᠭᠤᠷ ᠲᠥᠭᠦᠷᠢᠭ ᠪᠠᠶᠢᠵᠤ᠂ ᠨᠠᠷᠢᠨ ᠳᠠᠩᠰᠠᠨ ᠳᠠᠬᠢ ᠰᠢᠷ᠎ᠠ ᠭᠡᠷᠡᠯ ᠤᠨ ᠲᠡᠮᠳᠡᠭ ᠲᠠᠢ ᠠᠵᠤ ᠠᠬᠤᠶᠢᠯᠠᠯ 12᠂ ᠤᠯᠠᠭᠠᠨ ᠭᠡᠷᠡᠯ ᠤᠨ ᠲᠡᠮᠳᠡᠭ ᠲᠠᠢ ᠠᠵᠤ ᠠᠬᠤᠶᠢᠯᠠᠯ 8 ᠪᠣᠶ᠃ |
|
ᠢᠷᠡᠯᠲᠡ᠄
ᠥᠪᠡᠷᠲᠡᠬᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
|