6 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠪᠠᠨᠴᠢᠨ᠋ᠡᠷᠳᠡᠨᠢ · ᠴᠣᠶᠢᠵᠢᠵᠠᠯᠪᠤ ᠶᠢᠨ ᠪᠠᠷᠠᠳᠠᠨ ᠵᠣᠯᠭᠠᠬᠤ ᠶᠢ ᠭᠥᠯᠢᠶᠡᠨ ᠠᠪᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠮᠠᠨ ᠤ ᠣᠷᠣᠨ ᠤ ᠱᠠᠰᠢᠨ ᠰᠤᠷᠲᠠᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠢ ᠬᠥᠮᠥᠵᠢᠭᠦᠯᠦᠨ ᠵᠢᠯᠤᠭᠤᠳᠴᠤ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠵᠣᠭᠰᠣᠯᠲᠠ ᠪᠠᠨ ᠪᠠᠲᠤᠳᠬᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠨᠠᠶᠢᠷᠠᠮᠳᠠᠭᠤ ᠡᠶᠡᠪᠡᠷᠭᠦᠦ ᠂ ᠭᠠᠵᠠᠷ ᠣᠷᠣᠨ ᠤ ᠲᠣᠭᠲᠠᠭᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠲᠠᠯ᠎ᠠ ᠪᠠᠷ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠳᠤ ᠣᠷᠣᠵᠤ ᠰᠠᠭᠤᠭᠰᠠᠨ ᠠᠴᠠ ᠨᠠᠭᠠᠰᠢ ᠣᠯᠠᠨ ᠲᠦᠮᠡᠨ ᠤ ᠵᠠᠬᠢᠳᠠᠯ ᠢᠷᠡᠭᠦᠯᠬᠦ ᠤᠲᠠᠰᠤ ᠢᠷᠡᠭᠦᠯᠬᠦ ᠂ ᠢᠷᠡᠵᠤ ᠰᠤᠷᠪᠤᠯᠵᠢᠯᠠᠯ ᠬᠢᠬᠦ ᠶᠢ ᠨᠠᠷᠢᠨ ᠬᠢᠨᠠᠮᠠᠭᠠᠢ ᠭᠥᠯᠢᠶᠡᠨ ᠠᠪᠴᠤ ᠰᠢᠢᠳᠪᠦᠷᠢᠯᠡᠨ ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢ ᠶᠡᠭᠡ ᠪᠠᠷ ᠠᠬᠢᠭᠤᠯᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠤᠯᠤᠰ ᠲᠥᠷᠥ ᠶᠢᠨ ᠤᠬᠠᠮᠰᠠᠷ ᠪᠣᠯᠣᠨ ᠪᠣᠳᠠᠲᠠᠢ ᠶᠢ ᠡᠷᠭᠢᠮᠯᠡᠭᠦ ᠰᠤᠷᠲᠠᠯ ᠢ ᠢᠯᠡᠷᠡᠭᠦᠯᠪᠡ ᠃ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠬᠢᠵᠦ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠲᠤ ᠡᠯ᠎ᠡ ᠲᠠᠯ᠎ᠠ ᠶᠢᠨ ᠬᠢᠨ ᠤ ᠠᠷᠢᠯᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠲᠦᠷᠭᠡᠨ ᠰᠢᠢᠳᠪᠦᠷᠢᠯᠡᠵᠦ ᠲᠦᠷᠭᠡᠨ ᠳᠠᠭᠤᠰᠬᠠᠵᠤ ᠂ ᠠᠷᠭ᠎ᠠ ᠪᠦᠭᠦᠨ ᠢ ᠰᠦᠪᠡᠭᠴᠢᠯᠡᠵᠦ ᠠᠷᠢᠯᠭᠠᠨ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠭᠦ ᠬᠡᠷᠡᠭᠲᠡᠢ ᠃ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠠᠳᠠᠯᠢ ᠪᠤᠰᠤ ᠲᠦᠷᠦᠯ ᠭᠡᠯᠪᠡᠷᠢ ᠂ ᠠᠳᠠᠯᠢ ᠪᠤᠰᠤ ᠰᠢᠨᠵᠢ ᠴᠢᠨᠠᠷᠲᠠᠢ ᠠᠰᠠᠭᠤᠳᠠᠯ ᠢ ᠢᠯᠭᠠᠵᠤ ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠶᠢ ᠡᠷᠡᠰ ᠬᠤᠷᠢᠭᠯᠠᠵᠤ ᠂ ᠰᠢᠢᠳᠪᠦᠷᠢᠯᠡᠭᠰᠡᠨ ᠦᠷ᠎ᠡ ᠳ᠋ᠦᠩ ᠢ ᠤᠯᠠᠨ ᠲᠦᠮᠡᠨ ᠦᠨᠡᠨ ᠬᠦ ᠮᠡᠳᠡᠷᠡᠬᠦ ᠶᠢ ᠪᠠᠲᠤᠯᠠᠬᠤ ᠬᠡᠷᠡᠭᠲᠡᠢ ᠃ ᠵᠠᠬᠢᠳᠠᠯ ᠰᠤᠷᠪᠤᠯᠵᠢᠯᠠᠯ ᠤᠨ ᠬᠡᠷᠡᠭ ᠤᠨ ᠡᠭᠦᠰᠦᠭᠰᠡᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ ᠂ ᠲᠣᠭᠲᠠᠴᠠ ᠶᠢ ᠲᠡᠭᠦᠯᠳᠡᠷᠵᠢᠭᠦᠯᠦᠨ ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠬᠠᠮᠵᠢᠯᠴᠠᠵᠤ ᠂ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠪᠣᠯ ᠴᠥᠮ ᠤᠯᠤᠰ ᠲᠥᠷᠥ ᠶᠢᠨ ᠡᠭᠦᠷᠭᠡ ᠮᠥᠨ ᠃ ᠡᠯ᠎ᠡ ᠱᠠᠲᠤᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠴᠢᠩᠭ᠎ᠠ ᠪᠠᠷᠢᠮᠵᠢᠶ᠎ᠠ ᠂ ᠪᠣᠳᠠᠲᠠᠢ ᠠᠷᠭ᠎ᠠ ᠬᠡᠮᠵᠢᠶ᠎ᠡ ᠪᠠᠷ ᠵᠠᠬᠢᠳᠠᠯ ᠰᠤᠷᠪᠤᠯᠵᠢᠯᠠᠯ ᠤᠨ ᠬᠡᠷᠡᠭ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠰᠠᠶᠢᠲᠤᠷ ᠬᠢᠵᠦ ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠠᠰᠠᠭᠤᠳᠠᠯ ᠢ ᠰᠢᠢᠳᠪᠦᠷᠢᠯᠡᠬᠦ ᠠᠵᠢᠯ ᠤᠨ ᠡᠬᠡ ᠲᠠᠩᠰᠠ ᠶᠢ ᠪᠠᠶᠢᠭᠤᠯᠵᠤ ᠂ ᠪᠠᠷᠢᠨ ᠬᠥᠳᠡᠯᠦᠯᠴᠡᠵᠦ ᠪᠠᠷᠢᠨ ᠥᠭᠡᠷᠡᠴᠢᠯᠡᠵᠦ ᠳᠡᠶᠢᠯᠭᠦ ᠶᠢ ᠨᠢ ᠱᠠᠯᠠᠪᠳᠠᠨ ᠲᠦᠷᠭᠡᠨ ᠬᠢᠵᠦ ᠂ ᠠᠪᠤᠨ ᠳᠣᠣᠷ᠎ᠠ ᠪᠠᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠂ ᠬᠦᠴᠢᠷᠳᠡᠯ ᠨᠡᠯᠢᠶᠡᠳ ᠶᠡᠭᠡ ᠪᠠᠶᠢᠪᠠᠯ ᠪᠣᠳᠠᠲᠠᠢ ᠠᠷᠭ᠎ᠠ ᠬᠡᠮᠵᠢᠶ᠎ᠡ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠢᠮᠠᠭᠲᠠ ᠰᠤᠯᠠᠷᠠᠭᠤᠯᠤᠯ ᠦᠭᠡᠢ ᠴᠢᠩᠭ᠎ᠠ ᠰᠠᠶᠢᠲᠤᠷ ᠠᠳᠬᠤᠬᠤ ᠬᠡᠷᠡᠭᠲᠡᠢ ᠃ ᠡᠯ᠎ᠡ ᠲᠥᠷᠥᠯ ᠤᠨ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠠᠳᠠᠯᠢ ᠲᠥᠷᠥᠯ ᠤᠨ ᠠᠰᠠᠭᠤᠳᠠᠯ ᠂ ᠬᠤᠯᠪᠣᠭᠳᠠᠬᠤ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ ᠂ ᠰᠡᠷᠭᠡᠶᠢᠯᠡᠨ ᠠᠷᠢᠯᠭᠠᠬᠤ ᠠᠵᠢᠯ ᠢ ᠤᠷᠢᠳ ᠢᠶᠠᠷ ᠴᠢᠷᠮᠠᠶᠢᠨ ᠰᠠᠶᠢᠲᠤᠷ ᠬᠢᠬᠦ ᠬᠡᠷᠡᠭᠲᠡᠢ ᠃ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠬᠢᠨᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠴᠢᠩᠭᠠᠳᠬᠠᠵᠤ ᠂ ᠦᠷ᠎ᠡ ᠳ᠋ᠦᠩ ᠨᠢ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠲᠥᠪ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠭᠦᠨᠵᠡᠭᠡᠶᠢᠷᠡᠭᠦᠯᠦᠨ ᠠᠬᠢᠭᠤᠯᠵᠤ ᠂ ᠬᠦᠴᠦᠲᠡᠢ ᠪᠣᠭᠤᠮᠲᠠ ᠰᠢᠪᠲᠤᠯᠵᠤ ᠂ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠃ ᠡᠯ᠎ᠡ ᠵᠦᠢᠯ ᠤᠨ ᠠᠷᠭ᠎ᠠ ᠵᠠᠮ ᠢ ᠰᠠᠶᠢᠲᠤᠷ ᠬᠡᠷᠡᠭᠯᠡᠵᠦ ᠂ ᠥᠪᠡᠷ ᠢ ᠪᠠᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠨᠥᠯᠥᠭᠡᠯᠡᠬᠦ ᠬᠡᠪᠴᠢᠶ᠎ᠡ ᠪᠠᠷ ᠥᠷᠭᠡᠨ ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠬᠤ ᠠᠰᠠᠭᠤᠳᠠᠯ ᠢ ᠦᠨᠡᠨ ᠬᠦ ᠦᠨᠳᠦᠰᠦᠨ ᠠᠴᠠ ᠨᠢ ᠰᠢᠢᠳᠪᠦᠷᠢᠯᠡᠵᠦ ᠂ ᠪᠣᠳᠠᠲᠠᠢ ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠂ ᠲᠦᠷᠦᠯ ᠰᠠᠳᠤᠨ ᠨᠠᠶᠢᠵᠠ ᠨᠥᠬᠦᠳ ᠲᠡᠭᠡᠨ ᠬᠠᠷᠠᠭᠠᠯᠵᠠᠯ ᠦᠵᠡᠭᠦᠯᠭᠦ ᠂ ᠱᠠᠮᠰᠢᠨ ᠡᠵᠡᠯᠡᠬᠦ ᠵᠡᠷᠭᠡ ᠠᠰᠠᠭᠤᠳᠠᠯ ᠢ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ ᠂ ᠲᠥᠪ ᠭᠤᠣᠯᠴᠢ ᠰᠢᠳᠤᠷᠭᠤ ᠶᠣᠰᠣ ᠶᠢ ᠪᠦᠭᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠃ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ ᠂ ᠬᠠᠭᠤᠴᠢᠨ ᠠᠰᠠᠭᠤᠳᠠᠯ ᠲᠠᠭᠢᠨ ᠢᠯᠡᠷᠡᠬᠦ ᠂ ᠰᠢᠨ᠎ᠡ ᠠᠰᠠᠭᠤᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ ᠃ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠰᠠᠶᠢᠲᠤᠷ ᠬᠠᠮᠢᠶᠠᠷᠴᠤ ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠰᠠᠶᠢᠲᠤᠷ ᠪᠦᠲᠦᠭᠡᠨ ᠪᠠᠶᠢᠭᠤᠯᠵᠤ ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠲᠠᠭᠢᠨ ᠰᠤᠳᠤᠯᠵᠤ ᠂ ᠲᠠᠭᠢᠨ ᠪᠠᠶᠢᠷᠢᠯᠠᠭᠤᠯᠵᠤ ᠂ ᠡᠯ᠎ᠡ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠤᠬᠳᠤ ᠠᠭᠤᠴᠢᠯᠠᠬᠤ ᠦᠭᠡᠢ ᠣᠪᠣᠷ ᠢᠶᠠᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠵᠠᠯᠠᠷᠠᠭᠤᠯᠤᠨ ᠵᠠᠰᠠᠵᠤ ᠂ ᠠᠷᠭ᠎ᠠ ᠪᠦᠭᠦᠨ ᠢ ᠰᠦᠪᠡᠭᠴᠢᠯᠡᠨ ᠡᠨᠡ ᠬᠦ ᠭᠠᠵᠢᠭᠤ ᠰᠤᠷᠲᠠᠯ ᠢ ᠬᠤᠷᠢᠭᠯᠠᠨ ᠵᠣᠭᠰᠤᠭᠠᠬᠤ ᠬᠡᠷᠡᠭᠲᠡᠢ ᠃ ᠬᠠᠷᠢᠭᠤᠴᠠᠯᠭ᠎ᠠ ᠪᠠ ᠳᠠᠷᠤᠯᠲᠠ ᠶᠢ ᠦᠨᠡᠨ ᠬᠦ ᠳᠣᠷᠣᠭᠰᠢ ᠳᠠᠮᠵᠢᠭᠤᠯᠵᠤ ᠂ ᠨᠢᠭᠡ ᠱᠠᠲᠤ ᠨᠢ ᠨᠢᠭᠡ ᠱᠠᠲᠤ ᠪᠠᠨ ᠬᠠᠮᠢᠶᠠᠷᠴᠤ ᠂ ᠲᠤᠭᠤᠰᠢᠲᠠᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠰᠤᠷᠤᠯᠴᠠᠵᠦ ᠰᠤᠳᠤᠯᠤᠨ ᠶᠠᠷᠢᠯᠴᠠᠬᠤ ᠪᠠ ᠥᠪᠡᠷ ᠢ ᠪᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠪᠡᠶ᠎ᠡ ᠪᠠᠷ ᠢᠶᠠᠨ ᠠᠳᠬᠤᠵᠤ ᠂ ᠰᠢᠭᠤᠳ ᠬᠠᠮᠢᠶᠠᠷᠴᠤ ᠂ ᠨᠠᠮ ᠤᠨ ᠭᠡᠰᠢᠭᠦᠨ ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠢ ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ ᠂ ᠢᠯᠡ ᠪᠠᠷ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠳ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃