|
| ᠣᠶᠢᠷ᠎ᠠ ᠳᠤ ᠥᠪᠡᠷᠲᠡᠭᠡᠨ ᠵᠠᠰᠠᠬᠤ ᠣᠷᠣᠨ 9 ᠵᠤᠷᠪᠤᠰ ᠠᠷᠭ᠎ᠠ ᠬᠡᠮᠵᠢᠶ᠎ᠡ ᠨᠡᠶᠢᠲᠡᠯᠡᠵᠦ ᠰᠠᠯᠬᠢ ᠪᠠ ᠨᠠᠷᠠᠨ ᠤ ᠡᠨᠧᠷᠬᠢ ᠪᠠᠷ ᠤᠰᠤᠲᠥ᠋ᠷᠥᠭᠴᠢ ᠦᠢᠯᠡᠳᠬᠦ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠ ᠪᠣᠬᠢᠷᠳᠤᠯ ᠦᠭᠡᠢ ᠤᠰᠤᠲᠥ᠋ᠷᠥᠭᠴᠢ ᠬᠤᠷᠠᠭᠤᠯᠤᠨ ᠠᠪᠬᠤ ᠶᠢ ᠠᠬᠢᠭᠤᠯᠵᠤ ᠪᠣᠢ |
|
|
ᠨᠡᠶᠢᠲᠡᠯᠡᠭᠰᠡᠨ ᠴᠠᠭ᠄
2025/6/13
|
|
ᠥᠪᠡᠷᠲᠡᠭᠡᠨ ᠵᠠᠰᠠᠬᠤ ᠣᠷᠣᠨ ᠤ ᠤᠰᠤᠲᠥ᠋ᠷᠥᠭᠴᠢᠲᠦ ᠡᠨᠧᠷᠭᠢ ᠶᠢᠨ ᠠᠵᠤ ᠦᠢᠯᠡᠰ ᠤᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠤᠰᠤᠲᠥ᠋ᠷᠥᠭᠴᠢᠲᠦ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 24 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠤᠰᠤᠲᠥ᠋ᠷᠥᠭᠴᠢ ᠶᠢᠨ ᠠᠵᠤ ᠦᠢᠯᠡᠰ ᠤᠨ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠰᠠᠯᠬᠢ ᠪᠠ ᠨᠠᠷᠠᠨ ᠤ ᠡᠨᠧᠷᠬᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠ ᠪᠣᠬᠢᠷᠳᠤᠯ ᠦᠭᠡᠢ ᠤᠰᠤᠲᠥ᠋ᠷᠥᠭᠴᠢ ᠬᠤᠷᠠᠭᠤᠯᠤᠨ ᠠᠪᠬᠤ ᠶᠢ ᠠᠬᠢᠭᠤᠯᠬᠤ ᠬᠤᠶᠠᠷ ᠲᠠᠯ᠎ᠠ ᠳᠤ ᠴᠢᠭᠯᠡᠭᠦᠯᠦᠨ 9 ᠵᠤᠷᠪᠤᠰ ᠠᠷᠭ᠎ᠠ ᠬᠡᠮᠵᠢᠶ᠎ᠡ ᠨᠡᠶᠢᠲᠡᠯᠡᠪᠡ᠃ ᠰᠠᠯᠬᠢ ᠪᠠ ᠨᠠᠷᠠᠨ ᠤ ᠡᠨᠧᠷᠬᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠠᠯ᠎ᠠ ᠪᠠᠷ 2 ᠵᠤᠷᠪᠤᠰ ᠠᠷᠭ᠎ᠠ ᠬᠡᠮᠵᠢᠶ᠎ᠡ ᠨᠡᠶᠢᠲᠡᠯᠡᠪᠡ᠃ ᠨᠢᠭᠡ ᠳᠤ᠂ ᠰᠠᠯᠬᠢ ᠪᠠ ᠨᠠᠷᠠᠨ ᠤ ᠡᠨᠧᠷᠬᠢ ᠪᠠᠷ ᠤᠰᠤᠲᠥ᠋ᠷᠥᠭᠴᠢ ᠦᠢᠯᠡᠳᠬᠦ ᠲᠦᠷᠦᠯ ᠵᠦᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠠᠩ ᠭᠠᠭᠴᠠ ᠦᠢᠯᠡᠳᠪᠦᠷᠢᠯᠡᠯ ᠤᠨ ᠱᠤᠭᠤᠮ ᠢᠶᠠᠷ ᠲᠤᠷᠰᠢᠨ ᠦᠢᠯᠡᠳᠪᠦᠷᠢᠯᠡᠬᠦ ᠪᠠᠨ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠨᠤᠭᠤᠳ ᠢ ᠥᠷᠨᠢᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠡᠵᠡᠩᠨᠡᠨ ᠠᠵᠢᠯᠯᠠᠭᠤᠯᠬᠤ ᠵᠡᠷᠭᠡ ᠲᠠᠯ᠎ᠠ ᠶᠢᠨ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠵᠦ᠂ ᠲᠣᠣᠷ ᠲᠤ ᠣᠷᠤᠭᠤᠯᠤᠭᠰᠠᠨ ᠴᠠᠬᠢᠯᠭᠠᠨ ᠤ ᠬᠡᠮᠵᠢᠶ᠎ᠡ ᠶᠢ ᠪᠠᠭᠠᠰᠬᠠᠬᠤ ᠲᠣᠭᠲᠠᠴᠠ ᠶᠢᠨ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠬᠦ ᠬᠤᠭᠤᠴᠠᠭ᠎ᠠ ᠶᠢ ᠨᠢ ᠠᠰᠢᠭᠯᠠᠨ᠂ ᠲᠥᠷᠥᠯ ᠵᠦᠢᠯ ᠢ ᠲᠦᠷᠭᠡᠨ ᠪᠠᠶᠢᠭᠤᠯᠵᠤ ᠲᠦᠷᠭᠡᠨ ᠲᠣᠬᠢᠷᠠᠭᠤᠯᠵᠤ ᠠᠰᠢᠭᠯᠠᠯᠲᠠ ᠳᠤ ᠣᠷᠣᠭᠤᠯᠬᠤ ᠶᠢ ᠨᠢ ᠠᠬᠢᠭᠤᠯᠤᠨ᠎ᠠ᠃ ᠪᠣᠬᠢᠷᠳᠤᠯ ᠦᠭᠡᠢ ᠤᠰᠤᠲᠥ᠋ᠷᠥᠭᠴᠢ ᠬᠤᠷᠠᠭᠤᠯᠤᠨ ᠰᠢᠩᠭᠡᠭᠡᠬᠦ ᠶᠢ ᠠᠬᠢᠭᠤᠯᠬᠤ ᠲᠠᠯ᠎ᠠ ᠪᠠᠷ 7 ᠵᠣᠷᠪᠣᠰ ᠠᠷᠭ᠎ᠠ ᠬᠡᠮᠵᠢᠶ᠎ᠡ ᠨᠡᠶᠢᠲᠡᠯᠡᠪᠡ᠃ ᠣᠯᠠᠨ ᠡᠰᠢᠵᠢᠭᠰᠡᠨ ᠪᠣᠬᠢᠷᠲᠤᠯ ᠦᠭᠡᠶ ᠤᠰᠤᠲᠥ᠋ᠷᠥᠭᠴᠢ ᠶᠢᠨ ᠬᠡᠷᠡᠭᠯᠡᠭᠡᠨ ᠤ ᠠᠬᠤᠶ ᠪᠠᠶᠢᠳᠠᠯ ᠢ ᠡᠭᠦᠳᠦᠨ ᠪᠠᠶᠢᠭᠤᠯᠬᠤ ᠶᠢ ᠨᠢ ᠳᠡᠮᠵᠢᠵᠦ᠂ ᠪᠣᠬᠢᠷᠲᠤᠯ ᠦᠭᠡᠶ ᠤᠰᠤᠲᠥ᠋ᠷᠥᠭᠴᠢ ᠬᠢᠭᠡᠳ ᠪᠠᠶᠢᠭᠠᠯᠢ ᠶᠢᠨ ᠰᠢᠲᠠᠮᠠᠬᠠᠶ ᠬᠡᠢ᠂ ᠪᠣᠬᠢᠷᠳᠤᠯ ᠦᠭᠡᠢ ᠰᠢᠪᠲᠣᠷ ᠪᠣᠬᠢᠷᠳᠤᠯ ᠦᠭᠡᠢ ᠠᠯᠺᠣᠤᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠲᠠᠷᠢᠶᠠᠯᠠᠩ ᠵᠡᠷᠭᠡ ᠣᠯᠠᠨ ᠬᠦᠷᠢᠶᠡᠨ ᠳᠠᠬᠢ ᠠᠭᠤᠰᠤᠯᠴᠠᠨ ᠬᠥᠭᠵᠢᠬᠦ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠠᠵᠢᠯ ᠲᠥᠷᠥᠯ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠪᠣᠬᠢᠷᠲᠤᠯ ᠥᠬᠡᠶ ᠤᠰᠤᠲᠥ᠋ᠷᠥᠭᠴᠢ + ᠠᠵᠤ ᠦᠢᠯᠡᠰ ᠤᠨ ᠬᠠᠮᠵᠢᠯᠴᠠᠨ ᠬᠥᠭᠵᠢᠬᠦ ᠲᠣᠭᠲᠠᠴᠠ ᠶᠢ ᠬᠠᠶᠢᠨ ᠰᠦᠪᠡᠭᠴᠢᠯᠡᠬᠦ ᠶᠢ ᠨᠢ ᠵᠣᠷᠢᠭᠵᠢᠭᠤᠯᠵᠤ᠂ ᠳᠡᠭᠡᠳᠦ ᠳᠣᠤᠷᠠᠳᠤ ᠬᠡᠯᠬᠢᠶᠡᠨ ᠤ ᠬᠠᠮᠲᠤᠷᠠᠯᠴᠠᠭ᠎ᠠ ᠶᠢ ᠠᠬᠢᠭᠤᠯᠤᠨ᠂ ᠪᠣᠬᠢᠷᠲᠤᠯ ᠥᠬᠡᠶ ᠤᠰᠤᠲᠥ᠋ᠷᠥᠭᠴᠢ ᠶᠢᠨ ᠪᠣᠷᠣᠯᠠᠭᠤᠯᠭ᠎ᠠ ᠶᠢᠨ ᠵᠠᠮ ᠢ ᠥᠷᠭᠡᠳᠬᠡᠨ᠎ᠡ᠃ |
|
ᠢᠷᠡᠯᠲᠡ᠄
ᠥᠪᠡᠷᠲᠡᠬᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ
|