︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ ᠃
ᠤᠳᠤᠷᠢᠳᠤᠯᠭ᠎ᠠ ᠶᠢᠨ ᠠᠵᠢᠯᠯᠠᠭ᠎ᠠ
1
ᠰᠦᠨ ᠱᠣᠸ ᠴᠧᠩ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠢ ᠡᠷᠬᠢᠯᠡᠪᠡ
6 ᠳ᠋ᠤᠭᠠᠷ ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯᠳᠤᠭᠠᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠪᠠᠨᠴᠢᠨ ᠡᠷᠳᠡᠨᠢ · ᠴᠣᠶᠢᠵᠢᠵᠠᠯᠪᠤ ᠶᠢᠨ ᠪᠠᠷᠠᠳᠠᠨ ᠵᠣᠯᠭᠠᠬᠤ ᠶᠢ ᠭᠥᠯᠢᠶᠡᠨ ᠠᠪᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨᠱᠤᠤ ᠴᠧᠩ ᠲᠣᠰ ᠬᠤᠷᠠᠯᠳᠤᠭᠠᠨ ᠢ ᠡᠷᠬᠢᠯᠡᠪᠡ ᠃
2
ᠸᠠᠩ ᠯᠢ ᠰᠢᠶᠠ
ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠳᠤ ᠪᠠᠶᠢᠴᠠᠭᠠᠯᠲᠠ ᠬᠢᠪᠡ
6 ᠳ᠋ᠤᠭᠠᠷ ᠰᠠᠷ᠎ᠠ ᠶᠢᠨ 7 ᠤ ᠡᠳᠦᠷ ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠬᠢᠨ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠳᠤ ᠪᠠᠶᠢᠴᠠᠭᠠᠯᠲᠠ ᠬᠢᠭᠰᠡᠨ ᠪᠠᠶᠢᠨ᠎ᠠ ᠃ ᠪᠦᠦ ᠰᠢᠶᠠᠨ ᠬᠤᠸᠠ ᠲᠣᠰ ᠪᠠᠶᠢᠴᠠᠭᠠᠯᠲᠠ ᠳᠤ ᠣᠷᠣᠯᠴᠠᠪᠠ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯᠳᠤᠭᠠᠨ ᠢ ᠡᠷᠬᠢᠯᠡᠪᠡ
ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠪᠡ
6 ᠳ᠋ᠤᠭᠠᠷ ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ ᠃
2025 ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠭᠦᠯᠦᠨ ᠬᠥᠭᠵᠢᠭᠦᠯᠬᠦ ᠶᠢ ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ ᠳᠡᠭᠡᠷ᠎ᠡ ᠪᠠᠶᠠᠷ ᠤᠨ ᠦᠭᠡ ᠶᠠᠷᠢᠪᠠ
6 ᠰᠠᠷ᠎ᠠ ᠶᠢᠨ 10 ᠤ ᠡᠳᠦᠷ ᠂ ︽ ᠪᠣᠬᠢᠷᠲᠤᠯ ᠦᠭᠡᠢ ᠪᠠᠷ ᠡᠨᠧᠷᠭᠢ ᠣᠯᠭᠤᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠶ᠎ᠡ︾ ᠭᠡᠰᠡᠨ ᠭᠤᠣᠯ ᠰᠡᠳᠦᠪᠲᠦ 2025 ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠭᠦᠯᠦᠨ ᠬᠥᠭᠵᠢᠭᠦᠯᠬᠦ ᠶᠢ ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠡᠷᠬᠢᠮ ᠵᠣᠴᠢᠳ ᠢ ᠤᠭᠲᠤᠵᠤ ᠪᠠᠶᠢᠬᠤ ᠪᠠᠨ ᠢᠯᠡᠷᠬᠡᠶᠢᠯᠡᠵᠡᠢ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠤ ᠭᠠᠩ᠂ ᠬᠤᠸᠠᠩ ᡁᠢ ᠴᠢᠶᠠᠩ ᠂ ᠠᠢ ᠯᠢ ᠬᠤᠸᠠ᠂ ᠵᠠᠩ ᠯᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃
ᠣᠷᠳᠣᠰ ᠲᠤ ᠲᠥᠪ ᠤᠨ ᠲᠣᠭᠤᠷᠢᠨ ᠪᠠᠶᠢᠴᠠᠭᠠᠯᠲᠠ ᠵᠢᠴᠢ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠤᠨ ᠰᠢᠢᠳᠪᠦᠷᠢᠯᠡᠬᠦ ᠠᠵᠢᠯ ᠢ ᠰᠢᠮᠳᠠᠭᠤᠯᠤᠨ ᠵᠢᠯᠣᠭᠤᠳᠪᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠷ ᠂ 6 ᠳ᠋ᠤᠭᠠᠷ ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠲᠤ ᠲᠣᠰ ᠠᠵᠢᠯ ᠢ ᠰᠢᠮᠳᠠᠭᠤᠯᠤᠨ ᠵᠢᠯᠣᠭᠤᠳᠪᠠ᠃
3
ᠪᠦᠦ ᠰᠢᠶᠠᠨ ᠬᠤᠸᠠ
ᠪᠦᠬᠦ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠳᠡᠭᠡᠷ᠎ᠡ ᠶᠠᠷᠢᠶ᠎ᠠ ᠲᠠᠯᠪᠢᠪᠠ
6 ᠳ᠋ᠤᠭᠠᠷ ᠰᠠᠷ᠎ᠠ ᠶᠢᠨ 13 ᠤ ᠡᠳᠦᠷ ᠂ ᠪᠦᠬᠦ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠬᠤᠷᠠᠯ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠪᠦᠬᠦ ᠤᠯᠤᠰ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ ᠂ ᠮᠠᠨ ᠤ ᠣᠷᠣᠨ ᠤ ᠬᠥᠬᠢᠭᠦᠯᠦᠨ ᠰᠠᠶᠢᠰᠢᠶᠠᠭᠳᠠᠭᠰᠠᠨ ᠨᠡᠷᠡᠰ ᠢ ᠨᠡᠪᠲᠡᠷᠡᠭᠦᠯᠦᠨ ᠮᠡᠳᠡᠭᠳᠡᠵᠦ ᠂ ᠠᠵᠢᠯ ᠤᠨ ᠲᠤᠷᠰᠢᠯᠭ᠎ᠠ ᠨᠤᠭᠤᠳ ᠢᠶᠠᠨ ᠰᠣᠯᠢᠯᠴᠠᠵᠤ ᠂ ᠮᠠᠨ ᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠪᠦᠦ ᠰᠢᠶᠠᠨ ᠬᠤᠸᠠ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
4
ᠳᠠᠶᠢᠴᠢᠨ
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠳᠡᠭᠡᠷ᠎ᠡ ᠪᠠᠶᠢᠳᠠᠯ ᠢ ᠨᠡᠪᠲᠡᠷᠡᠭᠦᠯᠦᠨ ᠮᠡᠳᠡᠭᠳᠡᠪᠡ
6 ᠳ᠋ᠤᠭᠠᠷ ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠪᠠᠶᠢᠳᠠᠯ ᠢ ᠨᠡᠪᠲᠡᠷᠡᠭᠦᠯᠦᠨ ᠮᠡᠳᠡᠭᠳᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠧᠢ ᠲᠣᠰ ᠬᠤᠷᠠᠯ ᠢ ᠡᠷᠬᠢᠯᠡᠪᠡ ᠂ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠲᠣᠰ ᠬᠤᠷᠠᠯ ᠳᠤ ᠣᠷᠣᠯᠴᠠᠪᠠ ᠃
5
ᠶᠠᠩ ᠶᠢᠨ
2025 ᠣᠨ ᠤ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠦᠨᠯᠦ᠋ᠨ ᠬᠤᠤ ᠺᠧ ᠪᠠᠷᠠᠭ᠎ᠠ ᠬᠤᠳᠠᠯᠳᠤᠨ ᠠᠪᠬᠤ ᠤᠯᠠᠷᠢᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠶᠠᠷᠢᠪᠠ
6 ᠰᠠᠷ᠎ᠠ ᠶᠢᠨ 12 ᠤᠨ ᠡᠳᠦᠷ ᠂ ᠲᠥᠪ ᠤᠨ ᠠᠵᠤ ᠠᠬᠤᠶᠢᠯᠠᠯ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠬᠦᠴᠦᠨ ᠢ ᠪᠠᠨ ᠨᠢᠭᠲᠠᠷᠠᠭᠤᠯᠬᠤ ᠠᠵᠢᠯᠯᠠᠭ᠎ᠠ ᠬᠢᠭᠡᠳ 2025 ᠣᠨ ᠤ ᠳᠤᠮᠳᠠᠳᠤ ᠤᠯᠤᠰ ᠤᠨ ᠴᠢᠯᠠᠭᠤᠨ ᠲᠤᠰᠤᠨ ᠤ ᠺᠦᠨᠯᠦ᠋ᠨ ᠬᠤᠤ ᠺᠧ ᠪᠠᠷᠠᠭ᠎ᠠ ᠬᠤᠳᠠᠯᠳᠤᠨ ᠠᠪᠬᠤ ᠤᠯᠠᠷᠢᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠬᠥᠬᠡᠬᠤᠲᠠ ᠳᠤ ᠶᠠᠪᠤᠭᠳᠠᠭᠤᠯᠤᠭᠰᠠᠨ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ ᠵᠤᠸᠠᠩ ᠱᠤ᠋ ᠰᠢᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠲᠣᠰ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠶᠠᠷᠢᠪᠠ᠃
ᠲᠦᠷᠦ ᠶᠢᠨ ᠪᠣᠳᠣᠯᠭ᠎ᠠ ᠶᠢᠨ ᠨᠡᠶᠢᠲᠡᠯᠡᠯ
ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ
ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 20 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ ᠃ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2024﹈ 54 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠲᠣᠰ ᠰᠠᠨᠠᠯ ᠢ ᠳᠤᠷᠠᠳᠪᠠ ᠃