|
| ᠦᠬᠠᠨ ᠠᠴᠠ ᠬᠥᠬᠡᠬᠤᠲᠠ ᠳᠤ ᠰᠢᠭᠤᠳ ᠬᠦᠷᠬᠦ ᠲᠦᠷᠭᠡᠨ ᠤ ᠲᠡᠮᠦᠷ ᠵᠠᠮ ᠨᠡᠪᠲᠡᠷᠡᠬᠦ ᠪᠠᠷ ᠪᠠᠶᠢᠨ᠎ᠠ |
|
|
ᠨᠡᠶᠢᠲᠡᠯᠡᠭᠰᠡᠨ ᠴᠠᠭ᠄
2025/6/19
|
|
2025 ᠣᠨ ᠤ 7 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ᠂ ᠪᠥᠬᠦ ᠤᠯᠤᠰ ᠤᠨ ᠲᠡᠮᠦᠷ ᠵᠠᠮ ᠤᠨ ᠬᠢᠨ ᠴᠤᠪᠤᠭ᠎ᠠ ᠲᠡᠷᠭᠡᠨ ᠤ ᠰᠢᠨ᠎ᠡ ᠠᠶᠠᠯᠠᠯ ᠤᠨ ᠵᠠᠮ ᠱᠤᠭᠤᠮ ᠢ ᠬᠡᠷᠡᠭᠵᠢᠭᠦᠯᠵᠦ᠂ ᠬᠥᠬᠡᠬᠤᠲᠠ ᠵᠡᠭᠦᠨ ᠥᠷᠲᠡᠭᠡ ᠠᠴᠠ ᠬᠠᠨᠺᠸᠤ ᠬᠦᠷᠬᠦ ᠳᠡᠭᠡᠳᠦ ᠬᠤᠷᠳᠤᠴᠠᠲᠤ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ︵G514/5᠂ G516/3 ᠤᠳᠠᠭ᠎ᠠ︶ ᠶᠢ ᠠᠩᠬ᠎ᠠ ᠤᠳᠠᠭ᠎ᠠ ᠠᠶᠠᠯᠠᠭᠤᠯᠬᠤ ᠪᠠᠷ ᠪᠠᠶᠢᠨ᠎ᠠ᠂ ᠲᠣᠰ ᠠᠶᠠᠯᠠᠯ ᠤᠨ ᠴᠠᠭ ᠨᠢ 8 ᠴᠠᠭ 56 ᠮᠢᠨᠦ᠋ᠲ ᠪᠠᠶᠢᠵᠤ᠂ ᠥᠪᠥᠷ ᠮᠣᠩᠭᠤᠯ ᠬᠢᠭᠡᠳ ᠦᠬᠠᠨ ᠤ ᠬᠤᠭᠤᠷᠣᠨᠳᠤ ᠰᠢᠭᠤᠳ ᠨᠡᠪᠲᠡᠷᠡᠬᠦ ᠳᠡᠭᠡᠳᠦ ᠬᠤᠷᠳᠤᠴᠠᠲᠤ ᠲᠡᠮᠦᠷ ᠵᠠᠮ ᠪᠠᠶᠢᠭᠰᠠᠨ ᠦᠭᠡᠢ ᠪᠠᠶᠢᠳᠠᠯ ᠢ ᠨᠥᠬᠦᠪᠦᠷᠢᠯᠡᠬᠦ ᠪᠣᠯᠣᠨ᠎ᠠ᠃ ᠡᠭᠦᠨ ᠠᠴᠠ ᠡᠮᠦᠨ᠎ᠡ ᠦᠬᠠᠨ ᠠᠴᠠ ᠬᠥᠬᠡᠬᠤᠲᠠ ᠬᠦᠷᠬᠦ ᠳᠤ ᠵᠥᠪᠬᠡᠨ ᠡᠩ ᠤᠨ ᠬᠤᠷᠳᠤᠴᠠᠲᠤ ᠭᠠᠯᠲᠤ ᠲᠡᠷᠭᠡ ᠲᠠᠢ ᠪᠠᠶᠢᠭᠰᠠᠨ ᠪᠥᠭᠡᠳ 20 ᠴᠠᠭ 42 ᠮᠢᠨᠦ᠋ᠲ ᠶᠠᠪᠤᠳᠠᠭ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|