|
| ᠥᠪᠥᠷ ᠮᠣᠩᠭᠤᠯ ᠤᠨ ᠵᠠᠰᠠᠮᠠᠯ ᠵᠠᠮ ᠤᠨ ᠭᠤᠣᠯᠳᠠᠯᠭ᠎ᠠ ᠪᠣᠯᠬᠤ 12 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠪ ᠤᠨ ᠡᠳ᠋ ᠤᠨ ᠵᠠᠰᠠᠭ 11. | 6 ᠳ᠋ᠦᠩᠰᠢᠭᠤᠷ ᠭᠠᠷᠤᠢ ᠲᠥᠭᠦᠷᠢᠭ ᠢᠶᠠᠷ ᠳᠡᠮᠵᠢᠪᠡ |
|
|
ᠨᠡᠶᠢᠲᠡᠯᠡᠭᠰᠡᠨ ᠴᠠᠭ᠄
2025/6/19
|
|
ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠶᠢᠯᠠᠭᠠᠭᠰᠠᠨ ᠢᠶᠠᠷ ᠄ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠳᠤ ᠪᠠᠭᠤᠯᠭᠠᠭᠰᠠᠨ 2025 ᠣᠨ ᠤ ᠬᠤᠶᠠᠳᠤᠭᠠᠷ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠣᠯᠳᠠᠯᠭ᠎ᠠ ᠪᠣᠯᠬᠤ ᠲᠥᠷᠥᠯ ᠵᠦᠢᠯ ᠤᠨ 11.609 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠴᠥᠮ ᠣᠷᠣᠨ ᠤ ᠱᠠᠲᠤᠨ ᠤ ᠬᠠᠮᠢᠶ᠎ᠠ ᠪᠦᠬᠦᠢ ᠨᠢᠭᠡᠴᠢ ᠬᠢᠭᠡᠳ ᠪᠤᠭᠤᠲᠤ ᠬᠤᠲᠠ᠂ ᠬᠥᠯᠥᠨ ᠪᠤᠶᠢᠷ ᠬᠤᠲᠠ ᠵᠡᠷᠭᠡ 5 ᠠᠶᠢᠮᠠᠭ ᠬᠤᠲᠠ ᠳᠤ ᠪᠠᠭᠤᠯᠭᠠᠭᠠᠳ᠂ ᠤᠯᠤᠰ ᠤᠨ ᠡᠩ ᠤᠨ ᠵᠠᠮ᠂ ᠨᠤᠷᠠᠬᠤ ᠠᠶᠤᠯᠲᠠᠢ ᠬᠠᠭᠤᠴᠢᠨ ᠬᠥᠭᠦᠷᠭᠡ ︵ᠥᠭᠡᠷᠡᠴᠢᠯᠡᠬᠦ ᠵᠠᠰᠠᠬᠤ︶ ᠵᠡᠷᠭᠡ ᠬᠦᠷᠢᠶᠡᠨ ᠳᠠᠬᠢ ᠵᠠᠰᠠᠮᠠᠯ ᠵᠠᠮ ᠤᠨ ᠭᠤᠣᠯᠳᠠᠯᠭ᠎ᠠ ᠪᠣᠯᠬᠤ 12 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠭᠦᠯᠬᠦ ᠪᠠᠷ ᠪᠠᠶᠢᠨ᠎ᠠ᠃ ᠳᠡᠭᠡᠷ᠎ᠡ ᠳᠤᠷᠠᠳᠤᠭᠰᠠᠨ ᠪᠡᠯᠡ ᠮᠥᠩᠭᠦ ᠪᠠᠷ ᠳᠡᠮᠵᠢᠵᠦ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠲᠥᠷᠥᠯ ᠵᠦᠢᠯ ᠨᠢ ᠪᠣᠯ ᠥᠪᠡᠷᠲᠡᠭᠡᠨ ᠵᠠᠰᠠᠬᠤ ᠣᠷᠣᠨ ᠤ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ 2025 ᠣᠨ ᠠᠴᠠ ᠨᠠᠭᠠᠰᠢ᠂ ᠥᠪᠥᠷ ᠮᠣᠩᠭᠤᠯ ᠨᠢᠭᠡᠨᠲᠡ ᠲᠥᠪ ᠤᠨ ᠡᠳ᠋ ᠤᠨ ᠵᠠᠰᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠡᠯᠡ ᠮᠥᠩᠭᠦ ᠶᠢ 57.69 ᠳ᠋ᠦᠩᠰᠢᠭᠤᠷ ᠲᠥᠭᠦᠷᠢᠭ ᠣᠯᠵᠤ᠂ ᠨᠢᠳᠤᠨᠤᠨ ᠤ ᠪᠥᠬᠦ ᠵᠢᠯ ᠤᠨ ᠬᠢ ᠲᠠᠢ ᠬᠠᠷᠢᠴᠠᠭᠤᠯᠪᠠᠯ 24.39 ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠭᠦᠨ ᠤ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠢᠵᠢ ᠪᠦᠷᠢᠳᠦᠭᠦᠯᠬᠦ 20 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠡᠮᠡᠪᠡᠯ᠂ ᠨᠡᠶᠢᠲᠡ 77.69 ᠳ᠋ᠦᠩᠰᠢᠭᠤᠷ ᠲᠥᠭᠦᠷᠢᠭ ᠪᠠᠶᠢᠵᠤ᠂ 2025 ᠣᠨ ᠤ ᠪᠥᠬᠦ ᠣᠷᠣᠨ ᠤ ᠵᠠᠰᠠᠮᠠᠯ ᠵᠠᠮ ᠤᠨ ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠳᠤ ᠴᠢᠬᠤᠯᠠ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠠᠵᠢᠯ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ ᠲᠦᠪᠰᠢᠨ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠯᠲᠡ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠵᠠᠰᠠᠮᠠᠯ ᠵᠠᠮ ᠤᠨ ᠭᠤᠣᠯᠳᠠᠯᠭ᠎ᠠ ᠪᠣᠯᠬᠤ ᠲᠥᠷᠥᠯ ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠪᠣᠯᠣᠨ᠎ᠠ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|