17 ᠤ ᠡᠳᠦᠷ ᠬᠦᠮᠣᠠ ᠤ ᠬᠦᠴᠣᠠ ᠤ ᠡᠭᠢ ᠪᠠᠶᠠᠯᠢᠭ ᠪᠠ ᠨᠠᠶᠢᠭᠡᠮ ᠤᠨ ᠪᠠᠲᠣᠯᠠᠭ᠎ᠠ ᠶᠢᠨ ᠶᠠᠮᠣᠠ ᠠᠴᠠ ᠰᠣᠷᠪᠣᠯᠵᠢᠯᠠᠭᠴᠢ ᠶᠢᠨ ᠣᠶᠢᠯᠠᠭᠠᠭᠰᠠᠨ ᠢᠶᠠᠷ᠂ 2025 ᠣᠨ ᠤ ︽ᠵᠠᠭᠤᠨ ᠡᠳᠦᠷ ᠲᠤ ᠮᠢᠩᠭ᠎ᠠ ᠲᠦᠮᠡᠨ ᠠᠵᠢᠯᠲᠠᠨ ᠤᠷᠢᠵᠤ ᠡᠯᠰᠡᠬᠦ ᠲᠤᠰᠬᠠᠢ ᠠᠵᠢᠯᠯᠠᠭ᠎ᠠ︾ ᠶᠢ ᠲᠤᠰ ᠡᠳᠦᠷ ᠡᠬᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠠᠵᠢᠯ ᠣᠯᠭᠤᠯᠲᠠ ᠪᠠᠷ ᠢᠷᠡᠭᠡᠳᠦᠶ ᠪᠠᠨ ᠬᠥᠲᠥᠯᠦᠨ ᠳᠠᠭᠠᠭᠤᠯᠵᠤ ᠵᠠᠯᠠᠭᠤ ᠨᠠᠰᠤᠨ ᠤ ᠬᠦᠰᠡᠯ ᠢᠶᠠᠨ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ 100 ᠰᠢᠬᠠᠮ ᠡᠳᠦᠷ ᠤᠨ ᠴᠠᠭ ᠢ ᠵᠠᠷᠤᠴᠠᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠤᠯᠳᠠᠯᠭ᠎ᠠ ᠪᠣᠯᠭᠠᠭᠰᠠᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠵᠤ᠂ ᠮᠢᠩᠭ᠎ᠠ ᠲᠦᠮᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠭᠡᠭᠡᠨ ᠴᠤᠭᠯᠠᠭᠤᠯᠵᠤ᠂ ᠠᠵᠢᠯ ᠤᠨ ᠪᠠᠶᠢᠷᠢ ᠶᠢ ᠲᠥᠪᠯᠡᠷᠡᠭᠦᠯᠦᠨ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠣᠶ᠃
ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃
ᠲᠤᠬᠠᠶ ᠶᠢᠨ ᠲᠠᠯᠠᠪᠤᠷ ᠲᠠᠬᠢ ᠤᠷᠢᠨ ᠡᠯᠰᠡᠯᠲᠡ ᠨᠢ ᠬᠥᠭᠵᠢᠯᠲᠡ ᠶᠢᠨ ᠬᠤᠰᠢᠭᠤᠷᠠᠯ᠂ ᠬᠡᠷᠡᠭᠴᠡᠭᠡ ᠱᠠᠭᠠᠷᠳᠠᠯᠭ᠎ᠠ ᠳᠤᠲᠠᠭᠳᠠᠵᠤ ᠪᠠᠶᠢᠭ᠎ᠠ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠭᠤ ᠵᠣᠬᠢᠶᠠᠮᠠᠯ ᠣᠶᠤᠨ᠂ ᠲᠡᠷᠢᠭᠦᠨ ᠤ ᠦᠢᠯᠡᠳᠭᠡᠯ᠂ ᠣᠲᠣ ᠦᠶ᠎ᠡ ᠶᠢᠨ ᠦᠢᠯᠡᠴᠢᠯᠡᠭᠡ᠂ ᠣᠯᠠᠨ ᠤᠯᠤᠰ ᠤᠨ ᠠᠷᠠᠯᠵᠢᠶ᠎ᠠ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ ᠬᠠᠨᠳᠤᠭᠤᠯᠤᠨ᠂ ᠠᠵᠢᠯ ᠲᠥᠷᠥᠯ ᠤᠨ ᠴᠢᠨᠠᠷᠲᠠᠶ ᠲᠤᠰᠬᠠᠶ ᠲᠠᠯᠠᠪᠤᠷ ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ︔ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠵᠡᠷᠭᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠭᠤᠷᠪᠠ ᠳᠥᠷᠪᠡᠳᠦᠭᠡᠷ ᠵᠡᠷᠭᠡᠯᠡᠯ ᠤᠨ ᠬᠤᠲᠠ ᠵᠡᠷᠭᠡ ᠳᠤ ᠭᠤᠤᠯᠳᠠᠯᠭ᠎ᠠ ᠲᠠᠢ ᠪᠠᠷ ᠣᠷᠣᠨ ᠪᠦᠰᠡ ᠶᠢᠨ ᠴᠢᠨᠠᠷᠲᠠᠶ ᠠᠵᠢᠯᠲᠠᠨ ᠤᠷᠢᠵᠤ ᠡᠯᠰᠡᠬᠦ ᠲᠤᠰᠬᠠᠶ ᠠᠵᠢᠯᠯᠠᠭ᠎ᠠ ᠥᠷᠨᠢᠭᠦᠯᠦᠨ᠎ᠡ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠮᠡᠷᠭᠡᠵᠢᠯ ᠤᠨ ᠴᠢᠨᠠᠷᠲᠠᠶ ᠲᠤᠰᠬᠠᠶ ᠲᠠᠯᠠᠪᠤᠷ ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃
ᠰᠦᠯᠵᠢᠶᠡᠨ ᠳᠡᠭᠡᠷᠡᠬᠢ ᠤᠷᠢᠨ ᠡᠯᠰᠡᠯᠲᠡ ᠨᠢ ᠳᠤᠮᠳᠠᠳᠤ ᠤᠯᠤᠰ ᠤᠨ ᠣᠯᠠᠨ ᠨᠡᠶᠢᠲᠡ ᠶᠢᠨ ᠠᠵᠢᠯᠲᠠᠨ ᠤᠷᠢᠵᠤ ᠡᠯᠰᠡᠬᠦ ᠰᠦᠯᠵᠢᠶ᠎ᠡ᠂ ᠳᠤᠮᠳᠠᠳᠤ ᠤᠯᠤᠰ ᠤᠨ ᠤᠯᠤᠰ ᠤᠨ ᠴᠢᠳᠠᠪᠤᠷᠢᠲᠠᠨ ᠤ ᠰᠦᠯᠵᠢᠶ᠎ᠡ ᠵᠢᠴᠢ ︽ᠠᠵᠢᠯ ᠣᠯᠭᠤᠯᠲᠠ ᠶᠢᠨ ᠰᠦᠯᠵᠢᠶ᠎ᠡ︾ ᠳᠤ ᠬᠤᠷᠠᠯ ᠤᠨ ᠭᠤᠤᠯ ᠲᠠᠯᠠᠪᠠᠶ ᠭᠠᠷᠭᠠᠭᠰᠠᠨ ᠪᠥᠭᠡᠳ ᠠᠵᠢᠯ ᠣᠯᠭᠤᠯᠲᠠ ᠶᠢ ᠬᠥᠲᠥᠯᠦᠨ ᠵᠢᠯᠣᠭᠤᠳᠬᠤ ᠭᠠᠵᠠᠷ ᠤᠨ ᠵᠢᠷᠤᠭ ᠭᠠᠷᠭᠠᠪᠠ᠃ ᠠᠵᠢᠯᠯᠠᠭ᠎ᠠ ᠨᠢ ᠭᠤᠤᠯᠳᠠᠯᠭ᠎ᠠ ᠪᠣᠯᠬᠤ ᠠᠵᠢᠯ ᠲᠥᠷᠥᠯ᠂ ᠭᠤᠤᠯᠳᠠᠯᠭ᠎ᠠ ᠪᠣᠯᠬᠤ ᠲᠥᠷᠥᠯ ᠵᠦᠢᠯ᠂ ᠭᠤᠤᠯᠳᠠᠯᠭ᠎ᠠ ᠪᠣᠯᠬᠤ ᠶᠡᠭᠡ ᠳᠡᠭᠡᠳᠦ ᠰᠤᠷᠭᠠᠭᠤᠯᠢ᠂ ᠭᠤᠤᠯᠳᠠᠯᠭ᠎ᠠ ᠪᠣᠯᠬᠤ ᠲᠤᠰᠬᠠᠶ ᠮᠡᠷᠭᠡᠵᠢᠯ ᠠᠴᠠ ᠲᠡᠭᠦᠰᠦᠭᠰᠡᠳ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪ᠂ ᠠᠵᠢᠯ ᠲᠥᠷᠥᠯ ᠪᠠ ᠣᠯᠠᠨ ᠲᠦᠮᠡᠨ ᠳᠤ ᠬᠠᠨᠲᠤᠭᠤᠯᠤᠨ ᠰᠢᠭᠤᠳ ᠨᠡᠪᠲᠡᠷᠡᠭᠦᠯᠭᠡ ᠪᠠᠷ ᠲᠤᠰ ᠲᠤᠰ ᠲᠤ ᠨᠢ ᠠᠵᠢᠯ ᠤᠨ ᠪᠠᠶᠢᠷᠢ ᠲᠠᠨᠢᠯᠴᠠᠭᠤᠯᠬᠤ ᠪᠣᠯᠤᠨ᠎ᠠ᠃ ᠠᠩᠬᠠᠨ ᠤ ᠭᠠᠷᠠᠭ ᠲᠤ᠂ ᠰᠦᠯᠵᠢᠶᠡᠨ ᠳᠡᠭᠡᠷᠡᠬᠢ ᠠᠵᠢᠯᠲᠠᠨ ᠤᠷᠢᠵᠤ ᠡᠯᠰᠡᠬᠦ ᠲᠠᠪᠴᠠᠩ ᠳᠤ ᠵᠣᠬᠢᠶᠠᠮᠠᠯ ᠣᠶᠣᠨ ᠤ ᠠᠵᠢᠯ ᠲᠥᠷᠥᠯ᠂ ᠡᠨᠧᠷᠭᠢ ᠶᠢᠨ ᠠᠵᠢᠯ ᠲᠥᠷᠥᠯ᠂ ᠦᠢᠯᠡᠳᠬᠦ ᠦᠢᠯᠡᠰ᠂ ᠰᠢᠨ᠎ᠡ ᠪᠠᠷ ᠬᠥᠭᠵᠢᠵᠦ ᠪᠠᠶᠢᠭ᠎ᠠ ᠠᠵᠢᠯ ᠲᠥᠷᠥᠯ ᠵᠡᠷᠭᠡ ᠠᠵᠢᠯᠲᠠᠨ ᠤᠷᠢᠵᠤ ᠡᠯᠰᠡᠬᠦ 4 ᠲᠤᠰᠬᠠᠶ ᠲᠠᠯᠠᠪᠠᠶ ᠳᠣᠬᠢᠷᠠᠭᠤᠯᠵᠤ᠂ ᠨᠡᠶᠢᠲᠡ 1300 ᠭᠠᠷᠤᠶ ᠬᠥᠮᠦᠨ ᠬᠡᠷᠡᠭᠯᠡᠬᠦ ᠨᠢᠭᠡᠴᠢ ᠳᠤ ᠠᠵᠢᠯᠲᠠᠨ ᠤᠷᠢᠵᠤ ᠬᠡᠷᠡᠭᠯᠡᠬᠦ ᠬᠡᠷᠡᠭᠴᠡᠭᠡ ᠶᠢ 4.5 ᠲᠦᠮᠡᠨ ᠬᠥᠮᠦᠨ ᠤᠳᠠᠭ᠎ᠠ ᠬᠠᠩᠭᠠᠪᠠ᠃