ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 22 ᠤᠨ ᠡᠳᠦᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠳ᠋ᠦ᠋ ᠵᠢᠶᠠ ᠬᠤᠤ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ ᠤᠨ ᠡᠭᠦᠷᠭᠡ᠂ ᠶᠡᠷᠦᠩᠬᠡᠢ ᠲᠣᠬᠢᠷᠠᠭᠤᠯᠤᠯᠲᠠ ᠶᠢ ᠵᠠᠷᠯᠠᠨ ᠨᠡᠶᠢᠲᠡᠯᠡᠭᠰᠡᠨ ᠪᠥᠭᠡᠳ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠪᠦᠭᠦ ᠪᠦᠷᠢᠯᠳᠦᠭᠦᠨ ᠬᠤᠷᠠᠯ ᠳᠤ ᠣᠷᠣᠯᠴᠠᠵᠠᠢ᠃
ᠳ᠋ᠦ᠋ ᠵᠢᠶᠠ ᠬᠤᠤ᠂ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠣᠳᠣᠬᠠᠨ ᠳᠤ᠂ ᠰᠤᠷᠤᠯᠴᠠᠯᠭ᠎ᠠ ᠬᠥᠮᠦᠵᠢᠯ ᠢ ᠶᠠᠭ ᠭᠦᠨᠵᠡᠭᠡᠶᠢᠷᠡᠭᠦᠯᠦᠨ ᠠᠬᠢᠭᠤᠯᠵᠤ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠣᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠨᠠᠮ ᠤᠨ ᠲᠥᠪ ᠬᠤᠷᠢᠶ᠎ᠠ ᠠᠴᠠ ᠦᠷᠭᠦᠯᠵᠢᠯᠡᠨ ᠵᠢᠭᠠᠨ ᠵᠢᠯᠤᠭᠤᠳᠬᠤ ᠳᠤᠭᠤᠶᠢᠯᠠᠩ ᠲᠣᠮᠢᠯᠠᠭᠰᠠᠨ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ ᠪᠣᠳᠠᠲᠠᠢ ᠠᠳᠬᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠳᠠᠷᠤᠯᠲᠠ ᠶᠢ ᠳᠠᠮᠵᠢᠭᠤᠯᠤᠨ ᠬᠤᠯᠪᠣᠭᠳᠠᠯ ᠪᠦᠬᠦᠢ ᠭᠠᠵᠠᠷ ᠣᠷᠣᠨ ᠪᠠ ᠨᠢᠭᠡᠴᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠬᠦᠴᠦᠲᠡᠢ ᠠᠷᠭ᠎ᠠ ᠬᠡᠮᠵᠢᠶ᠎ᠡ ᠮᠥᠨ᠃ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠬᠥᠮᠦᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠢ ᠦᠷᠭᠦᠯᠵᠢᠯᠡᠨ ᠲᠣᠮᠢᠯᠠᠭᠰᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠷᠭᠠᠴᠠᠭᠠᠨ ᠥᠩᠭᠡᠷᠡᠭᠦᠯᠬᠦ ᠪᠤᠳᠤᠯ᠂ ︽ᠨᠢᠭᠡᠨ ᠴᠠᠭ ᠤᠨ ᠰᠠᠯᠬᠢ︾ ᠶᠢᠨ ᠦᠵᠡᠯ ᠰᠠᠨᠠᠭ᠎ᠠ ᠶᠢ ᠡᠷᠡᠰ ᠲᠡᠪᠴᠢᠵᠦ᠂ ᠠᠵᠢᠯ ᠢᠶᠠᠨ ᠨᠠᠩ ᠯᠠᠪᠳᠠᠭᠤᠨ ᠪᠠᠲᠤᠲᠠᠢ᠂ ᠨᠠᠩ ᠭᠦᠨᠵᠡᠭᠡᠢ᠂ ᠨᠠᠩ ᠲᠤᠭᠤᠰᠢᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠳ᠋ᠦ᠋ ᠵᠢᠶᠠ ᠬᠤᠤ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ ᠲᠣᠳᠣᠷᠬᠠᠶᠢᠯᠠᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠶᠢ ᠴᠢᠩᠭ᠎ᠠ ᠵᠢᠷᠤᠮᠯᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠨᠢᠭᠲᠠ ᠲᠦᠰᠢᠭᠯᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠭᠦᠢᠴᠡᠳᠬᠡᠵᠦ᠂ ᠲᠥᠪ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠠᠰᠠᠭᠤᠳᠠᠯ ᠢ ᠣᠨᠣᠪᠴᠢᠲᠠᠢ ᠡᠷᠢᠬᠦ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠵᠢᠭᠠᠨ ᠵᠢᠯᠣᠭᠤᠳᠤᠨ ᠬᠢᠨᠠᠨ ᠵᠢᠯᠤᠭᠤᠳᠴᠤ᠂ ᠳᠦᠷᠢᠮ ᠲᠣᠭᠲᠠᠭᠠᠯ ᠲᠣᠭᠲᠠᠭᠠᠬᠤ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠠᠷ ᠭᠤᠣᠯᠳᠠᠯᠭ᠎ᠠ ᠪᠤᠯᠭᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ ᠶᠢ ᠪᠠᠷᠢᠮᠲᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠠᠵᠢᠯ ᠤᠨ ᠬᠠᠷᠢᠭᠤᠴᠠᠯᠭ᠎ᠠ ᠠᠴᠠ ᠪᠠᠨ ᠳᠠᠪᠠᠭ᠋ᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠪᠦᠭᠦ ᠬᠦᠴᠦᠨ ᠢᠶᠠᠷ ᠢᠶᠠᠨ ᠬᠠᠮᠵᠢᠯᠴᠠᠨ ᠳᠡᠮᠵᠢᠵᠦ᠂ ᠴᠢᠩᠭ᠎ᠠ ᠬᠢᠨᠠᠯᠲᠠ ᠲᠠᠯᠪᠢᠨ ᠦᠨᠡᠨ ᠪᠣᠳᠠᠲᠠᠢ ᠵᠢᠯᠤᠭᠤᠳᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠨ᠂ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠪᠠᠷᠢᠮᠲᠠᠯᠠᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠰᠦᠨ ᠱᠤᠤ ᠴᠧᠩ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠥᠪᠥᠷ ᠮᠣᠩᠭᠤᠯ ᠳᠤ ᠭᠦᠨᠵᠡᠭᠡᠶᠢᠷᠡᠨ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ ᠢ ᠥᠷᠨᠢᠭᠦᠯᠬᠦ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠢᠳᠡᠨ ᠤ ᠳᠤᠲᠠᠭᠤᠳᠠᠯ ᠠᠯᠳᠠᠭᠳᠠᠯ ᠢᠶᠠᠨ ᠨᠥᠬᠦᠪᠦᠷᠢᠯᠡᠬᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠭᠦ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠭᠦ ᠨᠢ ᠯᠠᠪᠲᠠᠢ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠲᠠᠭᠢᠨ ᠰᠤᠷᠤᠯᠴᠠᠵᠤ ᠲᠠᠭᠢᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠦᠭᠦ ᠶᠠᠪᠤᠴᠠ ᠳᠤ ᠲᠤᠭᠤᠰᠢᠯᠠᠭᠤᠯᠤᠨ᠎ᠠ᠃ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠢ ᠪᠦᠭᠦ ᠬᠦᠴᠦ ᠪᠠᠷ ᠢᠶᠠᠨ ᠲᠡᠮᠵᠢᠨ ᠬᠠᠮᠵᠢᠯᠴᠠᠵᠤ᠂ ᠲᠥᠪ ᠴᠢᠩᠭ᠎ᠠ ᠴᠢᠩ ᠦᠨᠡᠨᠴᠢ ᠪᠠᠷ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠶᠢ ᠬᠦᠯᠢᠶᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ ᠢ ᠨᠡᠩ ᠴᠢᠨᠠᠷ ᠰᠠᠶᠢᠲᠠᠢ ᠠᠳᠬᠤᠨ᠎ᠠ᠃ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠲᠣᠯᠢ ᠪᠣᠯᠭᠠᠨ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠣᠰᠬᠠᠬᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠤ ᠶᠠᠪᠤᠳᠠᠯ ᠬᠢᠬᠦ ᠶᠢ ᠵᠣᠷᠢᠭᠵᠢᠭᠤᠯᠵᠤ᠂ ᠰᠢᠯᠢᠳᠡᠭ ᠰᠤᠷᠲᠠᠯ ᠢᠶᠠᠷ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃