ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠨᠠᠭᠰᠢᠳᠠ ᠪᠠᠶᠢᠷᠢᠯᠠᠭᠤᠯᠵᠤ ᠮᠠᠨ ᠤ ᠣᠷᠣᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠠᠬᠢᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/6/23

      6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠨᠠᠭᠰᠢᠳᠠ ᠪᠠᠶᠢᠷᠢᠯᠠᠭᠤᠯᠵᠤ᠂ ᠮᠠᠨ ᠤ ᠣᠷᠣᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃

      ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠠᠬᠢᠭᠤᠯᠵᠤ ᠪᠠᠶᠢᠭ᠎ᠠ ᠵᠠᠩᠭᠢᠯᠠᠭ᠎ᠠ ᠶᠢᠨ ᠱᠠᠲᠤᠨ ᠳᠤ᠂ ᠨᠠᠮ ᠤᠨ ᠲᠥᠪ ᠬᠤᠷᠢᠶ᠎ᠠ ᠠᠴᠠ ᠵᠢᠭᠠᠨ ᠵᠢᠯᠤᠭᠤᠳᠬᠤ ᠳᠤᠭᠤᠶᠢᠯᠠᠩ ᠲᠣᠮᠢᠯᠠᠨ ᠥᠪᠥᠷ ᠮᠣᠩᠭᠤᠯ ᠳᠤ ᠢᠷᠡᠭᠦᠯᠵᠦ ᠠᠵᠢᠯ ᠥᠷᠨᠢᠭᠦᠯᠬᠦ ᠨᠢ ᠪᠢᠳᠡᠨ ᠢ ᠱᠠᠯᠠᠪᠳᠠᠭᠤᠯᠵᠤ ᠪᠠᠶᠢᠬᠤ ᠮᠥᠷᠲᠡᠭᠡᠨ ᠪᠠᠰᠠ ᠬᠠᠯᠠᠮᠵᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠲᠠᠢ ᠦᠨᠡᠨ ᠬᠦ ᠨᠢᠭᠲᠠ ᠬᠠᠮᠵᠢᠯᠴᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠬᠢᠵᠦ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠳᠤᠷᠢᠳᠬᠤ ᠪᠠᠭ ᠤᠨ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠡᠴᠦᠰ ᠲᠤᠨᠢ ᠲᠤᠯᠲᠠᠯ᠎ᠠ᠂ ᠥᠨᠴᠥᠭ ᠪᠤᠯᠤᠩ ᠦᠯᠡᠳᠡᠭᠡᠯ ᠦᠭᠡᠢ ᠪᠠᠷ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠬᠦᠴᠦᠨ ᠢ ᠰᠠᠶᠢᠲᠤᠷ ᠠᠰᠢᠭᠯᠠᠵᠤ ᠳᠤᠲᠠᠭᠤᠳᠠᠯ ᠢᠶᠠᠨ ᠨᠥᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠪᠣᠳᠠᠲᠠᠢ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠯᠠᠨ ᠠᠷᠭ᠎ᠠ ᠵᠠᠮ ᠤᠯᠠᠨ ᠭᠡᠯᠪᠡᠷᠢ ᠪᠠᠷ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠵᠤ᠂ ᠠᠰᠠᠭᠤᠳᠠᠯ ᠢ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠣᠳᠣᠬᠠᠨ ᠳᠤ ᠴᠡᠭᠴᠡᠯᠡᠨ ᠰᠠᠶᠢᠵᠢᠷᠠᠭᠤᠯᠵᠤ ᠳᠡᠶᠢᠯᠭᠦ ᠶᠢ ᠨᠢ ᠪᠠᠷᠢᠨ ᠴᠡᠭᠴᠡᠯᠡᠨ ᠰᠠᠶᠢᠵᠢᠷᠠᠭᠤᠯᠵᠤ᠂ ᠠᠪᠤᠨ ᠳᠣᠣᠷ᠎ᠠ ᠪᠠᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠤᠷᠳᠤ ᠬᠤᠭᠤᠴᠠᠭ᠎ᠠ ᠪᠠᠷ ᠪᠣᠭᠤᠮᠲᠠ ᠰᠢᠪᠲᠤᠯᠬᠤ ᠴᠢᠬᠤᠯᠠᠲᠠᠢ ᠶᠢ ᠨᠢ ᠵᠦᠢ ᠵᠣᠬᠢᠰᠲᠠᠢ ᠲᠥᠯᠥᠪᠵᠢᠭᠦᠯᠦᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠯᠬᠤᠮ ᠠᠯᠬᠤᠮ ᠢᠶᠠᠷ ᠯᠠᠪᠳᠠᠭᠤᠨ ᠤᠷᠤᠭᠰᠢᠯᠠᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠬᠡᠷᠡᠭᠵᠢᠭᠦᠯᠵᠦ ᠪᠣᠯᠬᠤᠶᠢᠴᠠ ᠳᠦᠷᠢᠮ ᠢ ᠲᠣᠭᠲᠠᠭᠠᠬᠤ ᠶᠢᠨ ᠬᠠᠮᠲᠤ ᠬᠠᠲᠠᠭᠤ ᠬᠡᠷᠡᠭᠵᠢᠭᠦᠯᠦᠯᠲᠡ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠠᠴᠠ ᠨᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ᠃ ᠵᠢᠭᠠᠨ ᠵᠢᠯᠤᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠡᠭᠦᠰᠴᠡᠢ᠂ ᠡᠨᠡ ᠪᠣᠯ ᠬᠠᠤᠯᠢ ᠴᠠᠭᠠᠵᠠ ᠰᠠᠬᠢᠯᠭ᠎ᠠ ᠪᠠᠲᠤ ᠶᠢ ᠬᠠᠶᠢᠬᠤᠷᠬᠤ ᠦᠭᠡᠢ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠪᠣᠯᠣᠨ᠎ᠠ᠂ ᠲᠤᠶᠢᠯ ᠤᠨ ᠮᠠᠭᠤ ᠨᠥᠯᠥᠭᠡ ᠲᠠᠢ ᠪᠥᠭᠡᠳ ᠲᠤᠶᠢᠯ ᠤᠨ ᠬᠠᠷᠠᠰᠠᠯᠲᠠᠢ ᠰᠤᠷᠭᠠᠮᠵᠢ ᠪᠣᠯᠣᠨ᠎ᠠ᠃ ᠬᠤᠷᠠᠯ ᠳᠤ ᠣᠷᠣᠯᠴᠠᠬᠰᠠᠨ ᠨᠥᠬᠦᠳ ᠶᠠᠷᠢᠯᠴᠠᠬᠤ ᠪᠠᠷ ᠲᠠᠮᠵᠢᠨ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠲᠦᠷᠦᠭᠦᠯᠡᠨ ᠡᠰᠡᠷᠭᠦᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠡᠯ᠎ᠡ ᠱᠠᠲᠤᠨ ᠤ ᠬᠢᠨ ᠬᠡᠷᠡᠭ ᠢᠶᠠᠷ ᠲᠣᠯᠢ ᠪᠤᠯᠭᠠᠬᠤ ᠶᠢ ᠴᠢᠩᠭᠠᠳᠬᠠᠵᠤ᠂ ᠭᠦᠨᠵᠡᠭᠡᠢ ᠰᠤᠷᠭᠠᠮᠵᠢ ᠠᠪᠴᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠭᠦᠨᠵᠡᠭᠡᠢ ᠪᠠᠶᠢᠴᠠᠭᠠᠨ ᠡᠷᠭᠢᠴᠡᠭᠦᠯᠦᠨ ᠲᠤᠩᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠮᠥᠨ ᠴᠢᠨᠠᠷ ᠪᠠ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠡᠪᠴᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠬᠦᠴᠦᠲᠡᠢ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠭᠰᠡᠳ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ︽ᠤᠬᠲᠤ ᠠᠭᠤᠴᠢᠯᠠᠬᠤ ᠦᠭᠡᠢ︾ ᠪᠠᠶᠢᠬᠤ ᠶᠢ ᠢᠯᠡᠷᠡᠭᠦᠯᠵᠦ᠂ ᠴᠢᠩᠭ᠎ᠠ ᠰᠦᠷᠳᠡᠭᠦᠯᠦᠯ ᠢ ᠪᠤᠶ ᠪᠤᠯᠭᠠᠬᠤ ᠬᠡᠷᠡᠭᠲᠡᠢ᠃ ᠵᠠᠯᠬᠠᠭᠠᠬᠤ᠂ ᠵᠠᠰᠠᠬᠤ᠂ ᠰᠡᠷᠭᠡᠶᠢᠯᠡᠬᠦ ᠶᠢ ᠨᠢᠭᠡ ᠴᠣᠭᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠳᠦᠷᠢᠮ ᠤᠨ ᠳᠤᠲᠠᠭᠤᠳᠠᠯ ᠪᠣᠯᠣᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠳᠤ ᠴᠢᠭᠯᠡᠭᠦᠯᠦᠨ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ︽ᠬᠤᠷᠴᠠ ᠢᠷᠲᠦ︾ ᠬᠠᠲᠠᠭᠤ ᠪᠠᠷᠢᠮᠵᠢᠶ᠎ᠠ ᠶᠢ ᠲᠦᠷᠭᠡᠨ ᠲᠣᠭᠲᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map