6 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠵᠠᠷᠯᠠᠨ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ ᠂ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭᠠᠨ ᠤ ᠬᠡᠪ ᠨᠠᠮᠪᠠ ᠂ ᠡᠯᠪᠡᠭ ᠪᠠᠶᠠᠯᠢᠭ ᠤᠳᠤᠷᠢᠳᠬᠤ ᠲᠤᠷᠰᠢᠯᠭ᠎ᠠ ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠣᠨ ᠠᠵᠢᠯ ᠤᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠦ ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠥᠷᠥᠩᠭᠡ ᠶᠢ ᠵᠠᠯᠭᠠᠮᠵᠢᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ ᠂ ᠥᠪᠥᠷ ᠮᠣᠩᠭᠤᠯ ᠤᠨ ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠨᠢᠭᠡ ᠵᠦᠢᠯ ᠤᠨ ᠴᠢᠬᠤᠯᠠ ᠠᠷᠭ᠎ᠠ ᠭᠡᠯᠪᠡᠷᠢ ᠪᠣᠯᠣᠨ᠎ᠠ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠨ ᠣᠶᠢᠯᠠᠭᠠᠵᠤ ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠰᠠᠭᠤᠷᠢᠯᠠᠨ ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ ᠃ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠂ ᠤᠯᠤᠰ ᠤᠨ ︽ᠲᠠᠪᠤᠨ ᠶᠡᠭᠡ ᠠᠮᠤᠷ ᠲᠦᠪᠰᠢᠨ ︾ ᠢ ᠬᠠᠮᠠᠭᠠᠯᠠᠬᠤ ᠲᠠᠢ ᠤᠶᠠᠯᠳᠤᠭᠤᠯᠵᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠳᠤᠷᠠᠳᠴᠤ ᠂ ᠨᠡᠩ ᠤᠯᠠᠨ ᠲᠦᠷᠦᠯ ᠵᠦᠢᠯ ᠢ ᠤᠯᠤᠰ ᠤᠨ ︽ᠶᠡᠭᠡ ᠲᠠᠯ᠎ᠠ ︾ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠃ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ ᠂ ᠰᠢᠨ᠎ᠡ ᠡᠨᠧᠷᠭᠢ ᠂ ᠠᠭᠠᠷ ᠤᠨ ᠠᠶᠠᠯᠠᠯ ᠢᠶᠠᠷ ᠬᠦᠢᠰᠦ ᠪᠤᠯᠭᠠᠬᠰᠠᠨ ᠠᠵᠤ ᠠᠬᠤᠢ ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠂ ᠪᠣᠳᠣᠯᠲᠠ ᠶᠢᠨ ᠬᠦᠴᠦᠨ ᠵᠡᠷᠭᠡ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠡᠭᠦᠷᠭᠡ ᠠᠷᠭ᠎ᠠ ᠬᠡᠮᠵᠢᠶ᠎ᠡ ᠪᠣᠯᠣᠨ ᠢᠨᠵᠧᠨᠧᠷᠢᠩ ᠤᠨ ᠲᠦᠷᠦᠯ ᠵᠦᠢᠯ ᠢ ᠨᠠᠷᠢᠯᠢᠭ ᠣᠨᠣᠴᠠᠲᠠᠢ ᠤᠬᠠᠭᠠᠯᠠᠨ ᠲᠥᠯᠥᠪᠯᠡᠵᠦ ᠂ ᠲᠥᠯᠦᠪᠵᠢᠭᠦᠯᠭᠡ ᠶᠢᠨ ᠬᠡᠷᠡᠭᠵᠢᠭᠦᠯᠬᠦ ᠬᠦᠴᠦᠨ ᠪᠣᠯᠣᠨ ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠡᠭᠦᠳᠡ ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ ᠂ ᠨᠡᠶᠢᠭᠡᠮ ᠤᠨ ᠬᠦᠰᠡᠯ ᠡᠷᠡᠮᠡᠯᠵᠡᠯ ᠂ ᠤᠯᠠᠨ ᠲᠦᠮᠡᠨ ᠤ ᠤᠶᠤᠨ ᠤᠬᠠᠭᠠᠨ ᠂ ᠲᠤᠰᠬᠠᠢ ᠮᠡᠷᠭᠡᠵᠢᠯᠲᠡᠨ ᠤ ᠰᠠᠨᠠᠯ ᠂ ᠦᠨᠳᠦᠰᠦᠨ ᠱᠠᠲᠤᠨ ᠤ ᠲᠤᠷᠰᠢᠯᠭ᠎ᠠ ᠶᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠭᠦᠢᠴᠡᠳ ᠰᠢᠩᠭᠡᠬᠡᠨ ᠠᠪᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠬᠤᠷᠢᠶᠠᠨ ᠳᠠᠷᠤᠭ᠎ᠠ ᠵᠤᠤ ᠯᠧ ᠵᠢᠢ ᠶᠢᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠬᠤᠯᠪᠣᠭᠳᠠᠯ ᠪᠦᠬᠦᠢ ᠠᠵᠢᠯ ᠢ ᠨᠡᠩ ᠦᠷ᠎ᠡ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠃ ᠤᠢ ᠰᠢᠭᠤᠢ ᠶᠢᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠬᠠᠤᠯᠢ ᠶᠣᠰᠣᠭᠠᠷ ᠴᠢᠩᠭᠠᠳᠬᠠᠵᠤ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠤᠢ ᠰᠢᠭᠤᠢ ᠡᠪᠡᠰᠦ ᠪᠡᠯᠴᠢᠭᠡᠷ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠠᠮᠢᠶᠠᠷᠴᠤ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠤᠢ ᠳᠣᠲᠣᠷᠠᠬᠢ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠭᠤᠣᠯ ᠠᠵᠢᠯ ᠤᠨ ᠲᠣᠭᠤᠷᠢᠨ ᠳᠤ ᠂ ᠶᠡᠭᠡ ᠲᠠᠯ᠎ᠠ ᠳᠤ ᠦᠢᠯᠡᠴᠢᠯᠡᠵᠦ ᠂ ᠬᠠᠤᠯᠢ ᠲᠣᠭᠲᠠᠭᠠᠬᠤ ᠂ ᠬᠢᠨᠠᠯᠲᠠ ᠲᠠᠯᠪᠢᠬᠤ ᠂ ᠲᠥᠯᠥᠭᠡᠯᠡᠭᠴᠢ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠡᠯ᠎ᠡ ᠱᠠᠲᠤᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠦᠩᠯᠢᠶᠣᠣ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠢ ᠡᠪᠳᠡᠨ ᠰᠦᠢᠳᠬᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ ᠂ ᠨᠤᠲᠤᠭ ᠪᠡᠯᠴᠢᠭᠡᠷ ᠂ ᠣᠶ ᠰᠢᠭᠤᠢ ᠶᠢ ᠬᠠᠮᠠᠭᠠᠯᠠᠬᠤ ᠶᠢ ᠢᠮᠠᠭᠲᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠤᠯᠭᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠵᠤ ᠂ ᠨᠢᠭᠡ ᠠᠴᠠ ᠨᠦᠭᠦᠭᠡ ᠶᠢ ᠵᠦᠢᠴᠢᠯᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ ︾ ᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠦᠢᠯᠡᠳᠦᠯᠭᠡᠵᠢᠭᠦᠯᠬᠦ ᠬᠡᠷᠡᠭᠲᠡᠢ ᠃ ᠵᠠᠷᠯᠠᠨ ᠨᠡᠶᠢᠲᠡᠯᠡᠭᠰᠡᠨ ᠠᠰᠠᠭᠤᠳᠠᠯ ᠲᠠᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠵᠤᠷᠪᠤᠰ ᠳᠠᠷᠠᠭᠠᠯᠠᠨ ᠲᠣᠳᠣᠷᠬᠠᠶᠢᠯᠠᠵᠤ ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠬᠤ ᠬᠡᠷᠡᠭᠲᠡᠢ ᠃ ᠤᠢ ᠮᠣᠳᠣ ᠡᠪᠡᠰᠦ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ ᠂ ᠨᠡᠮᠡᠭᠳᠡᠯ ᠤᠨ ᠬᠡᠮᠵᠢᠶ᠎ᠡ ᠶᠢ ᠪᠠᠭᠠᠰᠬᠠᠬᠤ ᠪᠠ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠡᠨᠡ ᠬᠦ ᠭᠠᠵᠢᠭᠤ ᠰᠤᠷᠲᠠᠯ ᠢ ᠲᠠᠰᠤ ᠬᠤᠷᠢᠭᠯᠠᠬᠤ ᠬᠡᠷᠡᠭᠲᠡᠢ ᠃ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ ᠂ ᠣᠯᠠᠨᠲᠠ ᠰᠤᠷᠭᠠᠪᠠᠴᠤ ᠵᠠᠯᠠᠷᠠᠭᠤᠯᠬᠤ ᠦᠭᠡᠢ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠲᠤᠯᠭᠠᠵᠤ ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠠᠷᠤ ᠳᠠᠬᠢ ᠠᠰᠢᠭ ᠲᠤᠰᠠ ᠶᠢᠨ ᠬᠠᠷᠢᠴᠠᠭ᠎ᠠ ᠶᠢ ᠭᠦᠨ ᠠᠭᠤᠳᠠᠯᠵᠤ ᠲᠤᠶᠢᠯᠪᠤᠷᠢᠲᠠᠢ ᠪᠠᠶᠢᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ ︾ ᠢ ᠬᠢᠨᠠᠨ ᠵᠥᠪᠯᠡᠪᠡ ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃