6 ᠰᠠᠷ᠎ᠠ ᠶᠢᠨ 23 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠨᠢᠭᠡᠨ ᠵᠦᠢᠯ ᠤᠨ ᠴᠢᠬᠤᠯᠠ ᠠᠷᠭ᠎ᠠ ᠭᠡᠯᠪᠡᠷᠢ ᠪᠣᠯᠣᠨ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠠᠯᠤᠰ ᠭᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠡᠯ᠎ᠡ ᠲᠥᠷᠥᠯ ᠤᠨ ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠪᠣᠳᠣᠯᠲᠠ ᠶᠢᠨ ᠬᠦᠴᠦᠨ᠂ ᠨᠡᠭᠦᠷᠡᠰᠦᠨ ᠳᠠᠪᠬᠤᠷᠭ᠎ᠠ ᠶᠢᠨ ᠬᠡᠢ᠂ ᠰᠢᠨ᠎ᠡ ᠪᠣᠬᠢᠷᠳᠤᠯ ᠦᠭᠡᠢ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠶᠢᠷ᠎ᠠ ᠣᠭᠲᠠᠷᠭᠤᠢ ᠶᠢᠨ ᠠᠵᠤ ᠠᠬᠤᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠵᠧᠨᠧᠷᠢᠩ ᠤᠨ ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠨᠠᠷᠢᠯᠢᠭ ᠣᠨᠣᠴᠠᠲᠠᠢ ᠲᠥᠯᠥᠪᠵᠢᠭᠦᠯᠵᠦ᠂ ︽ᠪᠤᠳᠤᠯ ᠲᠥᠰᠥᠭᠡᠯᠡᠯ︾ ᠢᠶᠠᠨ ︽ᠪᠣᠳᠠᠲᠠᠢ ᠠᠷᠭ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠶᠡᠭᠡ ᠲᠠᠯ᠎ᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠮᠠᠨ ᠤ ᠣᠷᠣᠨ ᠳᠤ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠨᠠᠷᠢᠨ ᠬᠢᠨᠠᠮᠠᠭᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠬᠦᠴᠦᠨ ᠢ ᠠᠰᠢᠭᠯᠠᠨ ᠳᠤᠲᠠᠭᠤᠳᠠᠯ ᠢᠶᠠᠨ ᠴᠢᠨᠠᠭᠰᠢᠳᠠ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠢᠲᠤᠭᠠᠨ ᠢᠷ ᠢ ᠳᠣᠲᠣᠭᠰᠢ ᠬᠠᠨᠳᠤᠭᠤᠯᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢᠶᠠᠷ ᠲᠣᠯᠢ ᠪᠤᠯᠭᠠᠵᠤ᠂ ᠰᠡᠷᠡᠮᠵᠢᠯᠡᠭᠦᠯᠭᠦ ᠬᠥᠮᠦᠵᠢᠯ ᠥᠷᠨᠢᠭᠦᠯᠵᠦ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠣᠯᠣᠨ ᠠᠯᠪᠠᠨ ᠲᠤᠰᠢᠶᠠᠯᠲᠠᠨ ᠴᠥᠮ ᠰᠡᠳᠬᠢᠯ ᠤᠨ ᠤᠭ ᠠᠴᠠ ᠪᠠᠨ ᠪᠢᠰᠢᠷᠡᠨ ᠵᠢᠷᠦᠬᠡᠰᠢᠶᠡᠵᠦ᠂ ᠭᠦᠭ ᠬᠡᠮᠵᠢᠶ᠎ᠡ ᠲᠠᠢ ᠪᠠᠶᠢᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠢ ᠶᠢᠨ ᠡᠷᠭᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠳᠠᠭᠠᠰᠤ ᠬᠠᠳᠠᠬᠤ ᠬᠠᠲᠠᠭᠤ ᠵᠣᠷᠢᠭ ᠪᠣᠯᠣᠨ ᠮᠣᠩᠭᠤᠯ ᠮᠣᠷᠢᠨ ᠤ ᠵᠣᠷᠢᠭ ᠰᠠᠨᠠᠭᠠᠨ ᠤ ᠡᠷᠴᠢ ᠵᠣᠷᠢᠭ ᠢᠶᠠᠷ ᠳᠡᠭᠡᠷ᠎ᠡ ᠬᠠᠭᠠᠰ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠴᠠᠭ ᠢᠮᠠᠭᠲᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠷᠬᠠᠭ ᠭᠡᠮ ᠦᠯᠡᠳᠡᠭᠡᠬᠦ ᠦᠭᠡᠢ ᠣᠪᠣᠷ ᠢᠶᠠᠷ ᠡᠷᠲᠡᠬᠡᠨ ᠴᠡᠭᠴᠡᠯᠡᠨ ᠰᠠᠶᠢᠵᠢᠷᠠᠭᠤᠯᠵᠤ᠂ ᠲᠦᠷᠭᠡᠨ ᠴᠡᠭᠴᠡᠯᠡᠨ ᠵᠠᠰᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠮᠦᠷᠳᠡᠨ ᠠᠩᠬᠠᠷᠴᠤ ᠭᠦᠢᠴᠡᠳᠬᠡᠯᠭᠡᠬᠦ ᠮᠥᠷᠲᠡᠭᠡᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠪᠦᠭᠦ ᠣᠷᠣᠨ ᠢᠶᠠᠷ ᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠠᠰᠠ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠶᠢ ᠰᠤᠳᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠲᠠᠰᠤ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠤᠰᠤᠨ ᠠᠰᠢᠭᠯᠠᠯᠲᠠ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ︽ᠲᠣᠰᠬᠤᠨ ᠤ ᠡᠵᠡᠷᠬᠡᠭᠴᠢ︾᠂ ︽ᠬᠠᠶᠢᠷ ᠴᠢᠯᠠᠭᠤ ᠶᠢᠨ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠡᠷᠲᠡ ᠠᠴᠠ ᠴᠣᠬᠢᠯᠲᠠ ᠥᠭᠴᠦ ᠪᠠᠭ᠎ᠠ ᠪᠠᠶᠢᠭ᠎ᠠ ᠦᠶ᠎ᠡ ᠳᠤᠨᠢ ᠴᠣᠬᠢᠯᠲᠠ ᠥᠭᠬᠦ ᠭᠡᠷᠡᠭᠲᠡᠶ︔ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠤᠣᠯᠳᠠᠯᠭ᠎ᠠ ᠨᠢ ᠵᠢᠷᠤᠮᠵᠢᠭᠤᠯᠬᠤ ᠳᠤ ᠪᠤᠶ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠣᠷᠢᠭᠤᠳᠠ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠠᠰᠢᠭ ᠬᠥᠭᠡᠭᠡᠴᠡᠯᠳᠦᠬᠦ ᠴᠢᠨᠠᠷᠲᠠᠢ ᠬᠠᠤᠯᠢ ᠬᠡᠷᠡᠭᠵᠢᠭᠦᠯᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠭᠡᠷᠡᠭᠲᠡᠶ︔ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠳᠤ ᠪᠠᠷᠢᠯᠭ᠎ᠠ ᠡᠬᠢᠯᠡᠭᠦᠯᠬᠦ ᠶᠢ ᠠᠳᠬᠤᠬᠤ ᠮᠥᠷᠲᠡᠭᠡᠨ ᠪᠠᠰᠠ ᠬᠠᠮᠢᠶᠠᠷᠴᠤ ᠬᠠᠮᠠᠭᠠᠯᠠᠬᠤ ᠶᠢ ᠠᠳᠬᠤᠵᠤ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠭᠡᠷᠡᠭᠲᠡᠶ︔ ᠵᠢᠭᠤᠯᠴᠢᠯᠠᠯ ᠤᠨ ᠦᠢᠯᠡᠰ ᠤᠨ ᠬᠦᠷᠢᠶᠡᠨ ᠳᠠᠬᠢ ᠭᠤᠮᠣᠳᠠᠯ ᠲᠣᠭᠠᠴᠢᠯᠲᠠ ᠶᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠷᠭ᠎ᠠ ᠵᠠᠮ ᠢ ᠰᠢᠯᠤᠭᠤᠳᠬᠠᠵᠤ᠂ ᠲᠦᠷᠭᠡᠨ ᠴᠤᠤᠷᠢᠶᠠᠲᠤᠨ ᠲᠤᠰᠬᠠᠯ ᠭᠠᠷᠭᠠᠬᠤ ᠲᠣᠭᠲᠠᠴᠠ ᠶᠢ ᠪᠠᠶᠢᠭᠤᠯᠤᠨ᠂ ︽ᠦᠨᠡᠮᠯᠡᠯ ᠦᠭᠡᠢ ᠵᠢᠭᠤᠯᠴᠢᠯᠠᠯ ᠤᠨ ᠵᠠᠮᠴᠢᠯᠠᠭᠴᠢ︾ ᠪᠠ ︽ᠦᠨᠡᠮᠯᠡᠯ ᠦᠭᠡᠢ ᠵᠢᠭᠤᠯᠴᠢᠯᠠᠯ ᠤᠨ ᠭᠠᠵᠠᠷ︾ ᠲᠤ ᠬᠠᠮᠲᠤᠷᠠᠨ ᠴᠣᠬᠢᠯᠲᠠ ᠥᠭᠴᠦ᠂ ᠵᠢᠭᠤᠯᠴᠢᠯᠠᠬᠰᠠᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠪᠠᠰᠠ ᠭᠠᠷᠮᠠᠭᠠᠢ ᠴᠢᠳᠠᠪᠤᠷᠢᠲᠠᠨ ᠤ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠵᠦᠢᠯ ᠢ ᠰᠤᠳᠤᠯᠵᠠᠢ᠃