​2024 ᠣᠨ ᠤ ᠥᠪᠥᠷ ᠮᠣᠩᠭᠤᠯ ᠤᠨ ᠳᠤᠮᠳᠠᠴᠢ ᠴᠠᠯᠢᠩ
ᠨᠡᠶᠢᠲᠡᠯᠡᠭᠰᠡᠨ ᠴᠠᠭ᠄
2025/6/26

2024 ᠣᠨ ᠤ ᠥᠪᠥᠷ ᠮᠣᠩᠭᠤᠯ ᠤᠨ ᠳᠤᠮᠳᠠᠴᠢ ᠴᠠᠯᠢᠩ

2024 ᠣᠨ ᠳᠤ ᠥᠪᠥᠷ ᠮᠣᠩᠭᠤᠯ ᠤᠨ ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ 113172 ᠲᠥᠭᠦᠷᠢᠭ ᠪᠠᠶᠢᠵᠤ ᠳᠡᠭᠡᠷ᠎ᠡ ᠵᠢᠯ ᠤᠨ ᠬᠢ ᠠᠴᠠ 4.0% ᠢᠶᠠᠷ ᠨᠡᠮᠡᠭᠳᠡᠪᠡ 

ᠭᠠᠵᠠᠷ ᠣᠷᠣᠨ ᠢᠶᠠᠷ ᠬᠤᠪᠢᠶᠠᠨ ᠦᠵᠡᠪᠡᠯ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠨᠢ᠄

ᠳᠤᠮᠳᠠ ᠬᠡᠰᠡᠭ ᠤᠨ ᠭᠠᠵᠠᠷ ᠣᠷᠣᠨ     120107 ᠲᠥᠭᠦᠷᠢᠭ

ᠪᠠᠷᠠᠭᠤᠨ ᠬᠡᠰᠡᠭ ᠤᠨ ᠭᠠᠵᠠᠷ ᠣᠷᠣᠨ     110058 ᠲᠥᠭᠦᠷᠢᠭ

ᠵᠡᠭᠦᠨ ᠬᠡᠰᠡᠭ ᠤᠨ ᠭᠠᠵᠠᠷ ᠣᠷᠣᠨ      102500 ᠲᠥᠭᠦᠷᠢᠭ

ᠵᠡᠭᠦᠨ ᠬᠡᠰᠡᠭ ᠤᠨ ᠭᠠᠵᠠᠷ ᠣᠷᠣᠨ᠄ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ

ᠳᠤᠮᠳᠠ ᠬᠡᠰᠡᠭ ᠤᠨ ᠭᠠᠵᠠᠷ ᠣᠷᠣᠨ᠄ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ

ᠪᠠᠷᠠᠭᠤᠨ ᠬᠡᠰᠡᠭ ᠤᠨ ᠭᠠᠵᠠᠷ ᠣᠷᠣᠨ᠄ ᠪᠠᠶᠠᠨᠨᠠᠭᠤᠷ ᠬᠤᠲᠠ᠂ ᠦᠬᠠᠢ ᠬᠤᠲᠠ᠂ ᠠᠯᠠᠱᠠ ᠠᠶᠢᠮᠠᠭ

 

ᠠᠵᠢᠯ ᠲᠦᠷᠦᠯ ᠢᠶᠠᠷ ᠬᠤᠪᠢᠶᠠᠨ ᠦᠵᠡᠪᠡᠯ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠢᠶᠠᠷ ᠬᠠᠮᠤᠭ ᠤᠨ ᠥᠨᠳᠥᠷ ᠪᠠᠶᠢᠭ᠎ᠠ ᠭᠤᠷᠪᠠᠨ ᠠᠵᠢᠯ ᠲᠥᠷᠥᠯ ᠪᠣᠯ᠄

ᠠᠭᠤᠷᠬᠠᠢ ᠮᠠᠯᠲᠠᠬᠤ ᠦᠢᠯᠡᠰ     215638 ᠲᠥᠭᠦᠷᠢᠭ

ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ     149607 ᠲᠥᠭᠦᠷᠢᠭ

 ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ      147616 ᠲᠥᠭᠦᠷᠢᠭ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠢᠶᠠᠷ ᠬᠠᠮᠤᠭ ᠤᠨ ᠳᠣᠣᠷ᠎ᠠ ᠪᠠᠶᠢᠭ᠎ᠠ ᠭᠤᠷᠪᠠᠨ ᠠᠵᠢᠯ ᠲᠥᠷᠥᠯ ᠪᠣᠯ᠄

ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ     52104 ᠲᠥᠭᠦᠷᠢᠭ

ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ     55717 ᠲᠥᠭᠦᠷᠢᠭ

ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ      56423 ᠲᠥᠭᠦᠷᠢᠭ

 

 

2024 ᠣᠨ ᠳᠤ ᠥᠪᠥᠷ ᠮᠣᠩᠭᠤᠯ ᠤᠨ ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ 59217 ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 3.1% ᠪᠠᠷ ᠨᠡᠮᠡᠭᠳᠡᠪᠡ

ᠭᠠᠵᠠᠷ ᠣᠷᠣᠨ ᠢᠶᠠᠷ ᠬᠤᠪᠢᠶᠠᠨ ᠦᠵᠡᠪᠡᠯ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠨᠢᠭᠡᠴᠢ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠨᠢ᠄

 ᠪᠠᠷᠠᠭᠤᠨ ᠬᠡᠰᠡᠭ ᠤᠨ ᠭᠠᠵᠠᠷ ᠣᠷᠣᠨ      63945 ᠲᠥᠭᠦᠷᠢᠭ

ᠳᠤᠮᠳᠠ ᠬᠡᠰᠡᠭ ᠤᠨ ᠭᠠᠵᠠᠷ ᠣᠷᠣᠨ          62124 ᠲᠥᠭᠦᠷᠢᠭ

ᠵᠡᠭᠦᠨ ᠬᠡᠰᠡᠭ ᠤᠨ ᠭᠠᠵᠠᠷ ᠣᠷᠣᠨ            52021 ᠲᠥᠭᠦᠷᠢᠭ

ᠵᠡᠭᠦᠨ ᠬᠡᠰᠡᠭ ᠤᠨ ᠭᠠᠵᠠᠷ ᠣᠷᠣᠨ᠄ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ

ᠳᠤᠮᠳᠠ ᠬᠡᠰᠡᠭ ᠤᠨ ᠭᠠᠵᠠᠷ ᠣᠷᠣᠨ᠄ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ

ᠪᠠᠷᠠᠭᠤᠨ ᠬᠡᠰᠡᠭ ᠤᠨ ᠭᠠᠵᠠᠷ ᠣᠷᠣᠨ᠄ ᠪᠠᠶᠠᠨᠨᠠᠭᠤᠷ ᠬᠤᠲᠠ᠂ ᠦᠬᠠᠢ ᠬᠤᠲᠠ᠂ ᠠᠯᠠᠱᠠ ᠠᠶᠢᠮᠠᠭ

 

ᠠᠵᠢᠯ ᠲᠦᠷᠦᠯ ᠢᠶᠠᠷ ᠬᠤᠪᠢᠶᠠᠨ ᠦᠵᠡᠪᠡᠯ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠨᠢᠭᠡᠴᠢ ᠳᠤ  ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠢᠶᠠᠷ ᠬᠠᠮᠤᠭ ᠤᠨ ᠥᠨᠳᠥᠷ ᠪᠠᠶᠢᠭ᠎ᠠ ᠭᠤᠷᠪᠠᠨ ᠠᠵᠢᠯ ᠲᠥᠷᠥᠯ ᠪᠣᠯ᠄

ᠮᠥᠩᠭᠦᠨ ᠭᠦᠢᠯᠭᠡᠭᠡᠨ ᠤ ᠦᠢᠯᠡᠰ      93873 ᠲᠥᠭᠦᠷᠢᠭ

ᠠᠭᠤᠷᠬᠠᠢ ᠮᠠᠯᠲᠠᠬᠤ ᠦᠢᠯᠡᠰ          91567 ᠲᠥᠭᠦᠷᠢᠭ

ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ            72260 ᠲᠥᠭᠦᠷᠢᠭ

ᠬᠤᠲᠠ ᠪᠠᠯᠭᠠᠰᠤᠨ ᠳᠠᠬᠢ ᠬᠤᠪᠢ ᠶᠢᠨ ᠡᠵᠡᠩᠨᠡᠯᠲᠡ ᠶᠢᠨ ᠨᠢᠭᠡᠴᠢ ᠳᠤ  ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠤᠨ ᠬᠠᠮᠤᠭ ᠤᠨ ᠳᠣᠣᠷ᠎ᠠ ᠪᠠᠶᠢᠭ᠎ᠠ ᠭᠤᠷᠪᠠᠨ ᠠᠵᠢᠯ ᠲᠥᠷᠥᠯ ᠪᠣᠯ᠄

ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ         41707 ᠲᠥᠭᠦᠷᠢᠭ

ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ        43916 ᠲᠥᠭᠦᠷᠢᠭ

 ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ     45169 ᠲᠥᠭᠦᠷᠢᠭ

 

2024 ᠣᠨ ᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠠᠵᠢᠯ ᠣᠯᠣᠭᠰᠠᠳ ᠤᠨ ᠵᠢᠯ ᠤᠨ ᠳᠤᠮᠳᠠᠴᠢ ᠴᠠᠯᠢᠩ ᠨᠢ 113525 ᠲᠥᠭᠦᠷᠢᠭ ᠪᠣᠯᠣᠨ᠎ᠠ

ᠠᠵᠢᠯ ᠤᠨ ᠪᠠᠶᠢᠷᠢ ᠪᠠᠷ ᠬᠤᠪᠢᠶᠠᠨ ᠦᠵᠡᠪᠡᠯ

ᠳᠤᠮᠳᠠ ᠳᠠᠪᠬᠤᠷᠭ᠎ᠠ ᠵᠢᠴᠢ ᠲᠡᠭᠦᠨ ᠠᠴᠠ ᠳᠡᠭᠡᠭᠰᠢᠬᠢ ᠬᠠᠮᠢᠶᠠᠷᠤᠯᠲᠠ ᠶᠢᠨ ᠠᠵᠢᠯᠲᠠᠨ           210610 ᠲᠥᠭᠦᠷᠢᠭ

ᠲᠤᠰᠬᠠᠢ ᠮᠡᠷᠭᠡᠵᠢᠯ ᠤᠨ ᠠᠵᠢᠯᠲᠠᠨ        129060 ᠲᠥᠭᠦᠷᠢᠭ

ᠡᠷᠬᠢᠯᠡᠨ ᠭᠦᠢᠴᠡᠳᠬᠡᠬᠦ ᠠᠵᠢᠯᠲᠠᠨ ᠪᠠ ᠬᠤᠯᠪᠣᠭᠳᠠᠯ ᠪᠦᠬᠦᠢ ᠠᠵᠢᠯᠲᠠᠨ     88686 ᠲᠥᠭᠦᠷᠢᠭ

ᠨᠡᠶᠢᠭᠡᠮ ᠤᠨ ᠦᠢᠯᠡᠳᠪᠦᠷᠢᠯᠡᠯ ᠤᠨ ᠦᠢᠯᠡᠴᠢᠯᠡᠭᠡ ᠪᠠ ᠠᠮᠢᠳᠤᠷᠠᠯ ᠤᠨ ᠬᠡᠷᠡᠭᠯᠡᠭᠡᠨ ᠤ ᠦᠢᠯᠡᠴᠢᠯᠡᠭᠡᠨ ᠤ ᠠᠵᠢᠯᠲᠠᠨ         74695 ᠲᠥᠭᠦᠷᠢᠭ

ᠦᠢᠯᠡᠳᠪᠦᠷᠢᠯᠡᠵᠦ ᠦᠢᠯᠡᠳᠬᠦ ᠵᠢᠴᠢ ᠬᠤᠯᠪᠣᠭᠳᠠᠯ ᠪᠦᠬᠦᠢ ᠠᠵᠢᠯᠲᠠᠨ         116058 ᠲᠥᠭᠦᠷᠢᠭ

ᠳᠤᠮᠳᠠᠴᠢ ᠴᠠᠯᠢᠩ ᠤᠨ ᠲᠤᠭ᠎ᠠ ᠪᠠᠷᠢᠮᠲᠠ ᠶᠢ ᠬᠡᠷᠬᠢᠨ ᠪᠤᠰᠤᠳᠴᠢ ᠪᠠᠷ ᠦᠵᠡᠬᠦ ᠪᠠ ᠠᠰᠢᠭᠯᠠᠬᠤ ᠪᠤᠶ

 

ᠳᠤᠮᠳᠠᠴᠢ ᠴᠠᠯᠢᠩ ᠤᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠤᠰᠤᠳᠴᠢ ᠪᠠᠷ ᠦᠵᠡᠨ᠎ᠡ  

ᠳᠤᠮᠳᠠᠴᠢ ᠴᠠᠯᠢᠩ ᠪᠣᠯ ᠴᠠᠯᠢᠩ ᠤᠨ ᠶᠡᠷᠦᠩᠬᠡᠢ ᠪᠠᠶᠢᠳᠠᠯ ᠢ ᠲᠤᠰᠬᠠᠬᠤ ᠭᠦᠢᠴᠡᠳᠬᠡᠯ ᠲᠤᠭ᠎ᠠ ᠮᠥᠨ᠂ ᠲᠡᠷᠡ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠪᠠᠶᠢᠴᠠᠭᠠᠭᠳᠠᠬᠤ ᠨᠢᠭᠡᠴᠢ ᠨᠦᠭᠦᠳ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠦᠨᠳᠦᠰᠦᠯᠡᠵᠦ ᠲᠥᠰᠥᠭᠡᠯᠡᠨ ᠪᠣᠳᠣᠵᠤ ᠬᠤᠷᠢᠶᠠᠩᠭᠤᠶᠢᠯᠠᠨ ᠭᠠᠷᠭᠠᠭᠰᠠᠨ ᠳᠤᠮᠳᠠᠴᠢ ᠤᠬᠠᠭᠳᠠᠬᠤᠨ ᠪᠣᠯᠣᠨ᠎ᠠ ᠃

ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠪᠦᠷᠢᠳᠬᠡᠭᠰᠡᠨ ᠴᠠᠯᠢᠩ  ≠  ᠬᠤᠪᠢ ᠬᠥᠮᠥᠨ ᠤ ᠪᠣᠳᠠᠲᠠᠢ ᠭᠠᠷᠳᠠᠬᠤ ᠴᠠᠯᠢᠩ

ᠬᠤᠪᠢ ᠬᠥᠮᠥᠨ ᠤ ᠴᠠᠯᠢᠩ ᠢ ᠶᠡᠷᠦᠩᠬᠡᠢ ᠳᠤᠮᠳᠠᠴᠢ ᠴᠠᠯᠢᠩ ᠲᠠᠢ ᠳᠥᠭᠦᠮᠬᠡᠨ ᠢᠶᠠᠷ ᠰᠢᠭᠤᠳ ᠬᠠᠷᠢᠴᠠᠭᠤᠯᠵᠤ ᠪᠣᠯᠬᠤ ᠦᠭᠡᠢ

ᠡᠯ᠎ᠡ ᠨᠢᠭᠡᠴᠢ ᠶᠢᠨ ᠡᠷᠬᠢᠯᠡᠵᠦ ᠪᠠᠶᠢᠭ᠎ᠠ ᠠᠵᠢᠯ ᠲᠥᠷᠥᠯ ᠤᠨ ᠠᠳᠠᠯᠢ ᠪᠤᠰᠤ ᠠᠴᠠ ᠪᠣᠯᠵᠤ᠂ ᠬᠥᠮᠥᠰ ᠤᠨ ᠴᠠᠯᠢᠩ ᠨᠢ ᠥᠨᠳᠥᠷ ᠪᠤᠶᠤ ᠳᠣᠣᠷ᠎ᠠ ᠪᠠᠶᠢᠳᠠᠭ

ᠠᠵᠢᠯ ᠲᠥᠷᠥᠯ᠄ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ

ᠣᠪᠣᠭ ᠨᠡᠷ᠎ᠡ᠄ ᠶᠠᠩ ᠯᠧᠢ ︵ᠺᠣᠮᠫᠢᠦ᠋ᠲ᠋ᠧᠷ ᠤᠨ ᠫᠷᠣᠭᠷᠠᠮᠴᠢ︶

ᠰᠠᠷ᠎ᠠ ᠶᠢᠨ ᠴᠠᠯᠢᠩ᠄ 20000 ᠲᠥᠭᠦᠷᠢᠭ

ᠠᠵᠢᠯ ᠲᠥᠷᠥᠯ᠄  ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ

ᠣᠪᠣᠭ ᠨᠡᠷ᠎ᠡ᠄ ᠵᠠᠩ ᠴᠢᠶᠠᠩ ︵ᠬᠤᠭᠤᠯᠠᠨ ᠭᠡᠷ ᠤᠨ ᠦᠢᠯᠡᠴᠢᠯᠡᠭᠴᠢ︶

ᠰᠠᠷ᠎ᠠ ᠶᠢᠨ ᠴᠠᠯᠢᠩ᠄ 3000 ᠲᠥᠭᠦᠷᠢᠭ

ᠡᠯ᠎ᠡ ᠨᠢᠭᠡᠴᠢ ᠶᠢᠨ ᠪᠠᠶᠢᠭ᠎ᠠ ᠭᠠᠵᠠᠷ ᠣᠷᠣᠨ ᠪᠠ ᠠᠵᠤ ᠠᠬᠤᠢ ᠶᠢᠨ ᠦᠷ᠎ᠡ ᠠᠰᠢᠭ ᠤᠨ ᠠᠳᠠᠯᠢ ᠪᠤᠰᠤ ᠠᠴᠠ ᠪᠣᠯᠵᠤ᠂ ᠠᠵᠢᠯᠲᠠᠳ ᠤᠨ ᠴᠠᠯᠢᠩ  ᠨᠢ ᠵᠥᠷᠢᠶ᠎ᠡ ᠲᠠᠢ ᠪᠠᠶᠢᠳᠠᠭ

ᠭᠠᠵᠠᠷ ᠣᠷᠣᠨ᠄ ᠵᠡᠭᠦᠨ ᠬᠡᠰᠡᠭ ᠤᠨ ᠭᠠᠵᠠᠷ ᠣᠷᠣᠨ

ᠣᠪᠣᠭ ᠨᠡᠷ᠎ᠡ᠄ ᠯᠢ ᠴᠢᠶᠠᠩ ︵ᠦᠢᠯᠡᠳᠪᠦᠷᠢᠯᠡᠵᠦ ᠦᠢᠯᠡᠳᠬᠦ ᠠᠵᠢᠯᠲᠠᠨ︶

ᠰᠠᠷ᠎ᠠ ᠶᠢᠨ ᠴᠠᠯᠢᠩ᠄ 4000 ᠲᠥᠭᠦᠷᠢᠭ

ᠭᠠᠵᠠᠷ ᠣᠷᠣᠨ᠄ ᠳᠤᠮᠳᠠ ᠬᠡᠰᠡᠭ ᠤᠨ ᠭᠠᠵᠠᠷ ᠣᠷᠣᠨ

ᠣᠪᠣᠭ ᠨᠡᠷ᠎ᠡ᠄ ᠸᠠᠩ ᠮᠧᠩ ︵ᠦᠢᠯᠡᠳᠪᠦᠷᠢᠯᠡᠵᠦ ᠦᠢᠯᠡᠳᠬᠦ ᠠᠵᠢᠯᠲᠠᠨ︶

ᠰᠠᠷ᠎ᠠ ᠶᠢᠨ ᠴᠠᠯᠢᠩ᠄ 6000 ᠲᠥᠭᠦᠷᠢᠭ

ᠠᠳᠠᠯᠢ ᠨᠢᠭᠡᠨ ᠨᠢᠭᠡᠴᠢ ᠳᠠᠬᠢ ᠬᠥᠮᠥᠰ ᠤᠨ ᠠᠵᠢᠯ ᠤᠨ ᠪᠠᠶᠢᠷᠢ ᠶᠢᠨ ᠠᠳᠠᠯᠢ ᠪᠤᠰᠤ ᠠᠴᠠ ᠪᠣᠯᠵᠤ᠂ ᠴᠠᠯᠢᠩ  ᠨᠢ ᠴᠤ ᠨᠡᠯᠢᠶᠡᠳ ᠶᠡᠭᠡ ᠵᠥᠷᠢᠶ᠎ᠡ ᠲᠠᠢ ᠪᠠᠶᠢᠳᠠᠭ

ᠠᠵᠢᠯ ᠤᠨ ᠪᠠᠶᠢᠷᠢ᠄ ᠲᠥᠷᠥᠯ ᠵᠦᠢᠯ ᠤᠨ ᠳᠠᠭᠠᠭᠠᠮᠠᠯ

ᠣᠪᠣᠭ ᠨᠡᠷ᠎ᠡ᠄ ᠵᠠᠩ ᠯᠠᠨ

ᠰᠠᠷ᠎ᠠ ᠶᠢᠨ ᠴᠠᠯᠢᠩ᠄ 12000 ᠲᠥᠭᠦᠷᠢᠭ

ᠠᠵᠢᠯ ᠤᠨ ᠪᠠᠶᠢᠷᠢ᠄ ᠲᠤᠬᠠᠶᠢᠯᠠᠭᠰᠠᠨ ᠠᠵᠢᠯᠲᠠᠨ

ᠣᠪᠣᠭ ᠨᠡᠷ᠎ᠡ᠄ ᠰᠦᠨ ᠮᠢᠩ ᠬᠤᠤ

ᠰᠠᠷ᠎ᠠ ᠶᠢᠨ ᠴᠠᠯᠢᠩ᠄ 6000 ᠲᠥᠭᠦᠷᠢᠭ

ᠠᠵᠢᠯ ᠤᠨ ᠪᠠᠶᠢᠷᠢ᠄ ᠠᠵᠢᠯᠯᠠᠭ᠎ᠠ ᠲᠥᠰᠥᠪᠯᠡᠭᠴᠢ

ᠣᠪᠣᠭ ᠨᠡᠷ᠎ᠡ᠄ ᠸᠠᠩ ᠰᠢᠶᠣᠣ ᠬᠤᠩ

ᠰᠠᠷ᠎ᠠ ᠶᠢᠨ ᠴᠠᠯᠢᠩ᠄ 5000 ᠲᠥᠭᠦᠷᠢᠭ

ᠦᠨᠡᠨ ᠳᠤ ᠪᠠᠨ᠂ ᠴᠠᠯᠢᠩ ᠪᠠ ᠣᠷᠣᠯᠭ᠎ᠠ ᠶᠡᠷᠦ ᠳᠤ ᠪᠠᠨ ᠡᠶᠡᠷᠡᠬᠦ ᠬᠡᠯᠪᠡᠶᠢᠴᠡ ᠶᠢᠨ ᠲᠠᠷᠬᠠᠯᠲᠠ ᠲᠠᠢ ᠪᠠᠶᠢᠵᠤ᠂ ᠳᠤᠮᠳᠠᠴᠢ ᠬᠡᠮᠵᠢᠭᠳᠡᠯ ᠨᠢ ᠶᠡᠷᠦ ᠳᠤ ᠪᠠᠨ ᠡᠩ ᠤᠨ ᠬᠢᠷᠢ ᠲᠦᠪᠰᠢᠨ ᠠᠴᠠ ᠵᠠᠶᠢᠳᠠᠬᠤ ᠪᠥᠭᠡᠳ ᠲᠡᠭᠦᠨ ᠠᠴᠠ ᠥᠨᠳᠥᠷ ᠪᠠᠶᠢᠳᠠᠭ᠂ ᠲᠤᠬᠠᠶᠢᠯᠠᠪᠠᠯ ᠣᠯᠠᠩᠬᠢ ᠪᠣᠳᠠᠭᠠᠯᠢ ᠪᠡᠶ᠎ᠡ ᠶᠢᠨ ᠲᠤᠭ᠎ᠠ ᠪᠠᠷᠢᠮᠲᠠ ᠨᠢ ᠳᠤᠮᠳᠠᠴᠢ ᠬᠡᠮᠵᠢᠭᠳᠡᠯ ᠠᠴᠠ ᠳᠣᠣᠷ᠎ᠠ ᠪᠠᠶᠢᠳᠠᠭ᠃

ᠳᠤᠮᠳᠠᠴᠢ ᠴᠠᠯᠢᠩ ᠤᠨ ᠭᠦᠢᠴᠡᠳᠬᠡᠯ ᠲᠤᠭ᠎ᠠ ᠶᠢ ᠭᠤᠣᠯᠳᠠᠭᠤ ᠬᠤᠷᠸ᠎ᠠ ᠲᠥᠷᠥ ᠶᠢᠨ ᠪᠣᠳᠣᠯᠭ᠎ᠠ ᠶᠢ ᠰᠤᠳᠤᠯᠬᠤ ᠳᠤ ᠠᠰᠢᠭᠯᠠᠨ᠎ᠠ

ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠴᠠᠯᠢᠩ ᠤᠨ ᠪᠠᠷᠢᠮᠵᠢᠶ᠎ᠠ ᠶᠢ ᠲᠣᠭᠲᠠᠭᠠᠬᠤ ᠪᠠ ᠬᠥᠳᠡᠯᠮᠦᠷᠢ ᠬᠦᠴᠦᠨ ᠤ ᠥᠪᠡᠷ ᠤᠨ ᠥᠷᠲᠡᠭ ᠢ ᠲᠣᠭᠠᠴᠠᠭᠠᠯᠠᠬᠤ ᠳᠤ ᠠᠰᠢᠭᠯᠠᠨ᠎ᠠ

ᠤᠯᠤᠰ ᠠᠷᠠᠳ ᠤᠨ ᠣᠷᠣᠯᠭ᠎ᠠ ᠶᠢᠨ ᠠᠩᠬᠠᠨ ᠤ ᠬᠤᠪᠢᠶᠠᠷᠢᠯᠠᠯᠲᠠ ᠶᠢᠨ ᠦᠨᠳᠦᠰᠦᠨ ᠪᠠᠶᠢᠳᠠᠯ ᠪᠠ ᠬᠤᠪᠢᠷᠠᠯᠲᠠ ᠶᠢ ᠲᠤᠰᠬᠠᠬᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠳᠤ ᠠᠰᠢᠭᠯᠠᠨ᠎ᠠ

ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠲᠣᠭᠠᠴᠠᠭᠠᠯᠠᠬᠤ ᠳᠤ ᠠᠰᠢᠭᠯᠠᠨ᠎ᠠ

ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ᠂ ᠥᠭᠴᠦ ᠣᠯᠭᠤᠬᠤ ᠴᠢᠬᠤᠯᠠ ᠦᠨᠳᠦᠰᠦᠯᠡᠯ ᠪᠠ ᠲᠥᠯᠥᠪᠦᠷᠢ ᠶᠢᠨ ᠳᠦᠷᠢᠮ ᠤᠨ ᠰᠠᠭᠤᠷᠢ ᠲᠤᠭ᠎ᠠ ᠪᠠᠷᠢᠮᠲᠠ ᠵᠡᠷᠭᠡ ᠳᠤ ᠠᠰᠢᠭᠯᠠᠨ᠎ᠠ

 

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map