|
| ᠥᠪᠥᠷ ᠮᠣᠩᠭᠤᠯ 161.29 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠪᠠ |
|
|
ᠨᠡᠶᠢᠲᠡᠯᠡᠭᠰᠡᠨ ᠴᠠᠭ᠄
2025/6/26
|
|
6 ᠳ᠋ᠤᠭᠠᠷ ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2025 ᠣᠨ ᠤ ᠲᠠᠪᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 161.29 ᠳ᠋ᠦᠩᠰᠢᠭᠤᠷ ᠲᠥᠭᠦᠷᠢᠭ ᠲᠠᠷᠬᠠᠭᠠᠪᠠ᠃ ᠣᠶᠢᠯᠠᠭᠠᠭᠰᠠᠨ ᠢᠶᠠᠷ ᠂ ᠲᠣᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠨᠢ ᠴᠥᠮ 10 ᠵᠢᠯ ᠤᠨ ᠬᠤᠭᠤᠴᠠᠭ᠎ᠠ ᠲᠠᠢ ᠳᠠᠬᠢᠨᠲᠠ ᠪᠡᠯᠡ ᠲᠣᠬᠢᠷᠠᠭᠤᠯᠬᠤ ᠡᠩ ᠤᠨ ᠵᠢᠭᠡᠯᠡᠯᠭᠡ ᠶᠢᠨ ᠲᠡᠮᠳᠡᠭᠲᠦ ︵ᠬᠦᠦ ᠮᠥᠩᠭᠦ ᠶᠢᠨ ᠨᠣᠷᠮ᠎ᠠ ᠨᠢ 1.77%︶ ᠪᠠᠶᠢᠵᠤ ᠂ ᠬᠤᠭᠤᠴᠠᠭ᠎ᠠ ᠨᠢ ᠲᠤᠯᠤᠭᠰᠠᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠬᠤ ᠳᠤ ᠬᠡᠷᠡᠭᠯᠡᠭᠦᠯᠦᠨ᠎ᠡ ᠃ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠭᠤᠣᠯ ᠴᠣᠭᠴᠠ ᠠᠴᠠ ᠠᠪᠴᠤ ᠦᠵᠡᠪᠡᠯ ᠂ ᠪᠠᠩᠬᠢ ᠶᠢᠨ ᠳᠠᠭᠠᠭᠠᠨ ᠪᠣᠷᠣᠯᠠᠭᠤᠯᠬᠤ ᠵᠢᠭᠡᠯᠡᠯᠭᠡ ᠶᠢᠨ ᠲᠡᠮᠳᠡᠭᠲᠦ 160.39 ᠳ᠋ᠦᠩᠰᠢᠭᠤᠷ ᠲᠥᠭᠦᠷᠢᠭ ᠂ ᠲᠡᠮᠳᠡᠭᠲᠦ ᠶᠢᠨ ᠬᠤᠳᠠᠯᠳᠤᠭᠠᠴᠢᠨ ᠳᠠᠭᠠᠭᠠᠨ ᠪᠣᠷᠣᠯᠠᠭᠤᠯᠬᠤ ᠵᠢᠭᠡᠯᠡᠯᠭᠡ ᠶᠢᠨ ᠲᠡᠮᠳᠡᠭᠲᠦ 0.9 ᠳ᠋ᠦᠩᠰᠢᠭᠤᠷ ᠲᠥᠭᠦᠷᠢᠭ ᠪᠣᠯᠣᠨ᠎ᠠ ᠃ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠭᠰᠠᠨ ᠲᠤᠬᠠᠢ ᠶᠢᠨ ᠡᠳᠦᠷ ᠂ ᠪᠥᠬᠦ ᠲᠠᠯᠠᠪᠠᠶ ᠳᠠᠬᠢ ᠳᠠᠭᠠᠭᠠᠴᠢᠯᠠᠯᠲᠠ ᠬᠦᠯᠢᠶᠡᠭᠰᠡᠨ ᠪᠥᠬᠦ ᠵᠣᠭᠤᠰ ᠤᠨ ᠲᠤᠭ᠎ᠠ 4218.1 ᠳ᠋ᠦᠩᠰᠢᠭᠤᠷ ᠲᠥᠭᠦᠷᠢᠭ ᠲᠤ ᠬᠦᠷᠴᠦ ᠂ ᠳᠠᠭᠠᠭᠠᠴᠢᠯᠠᠯᠲᠠ ᠬᠦᠯᠢᠶᠡᠭᠰᠡᠨ ᠳᠠᠬᠢᠨ ᠲᠤᠭ᠎ᠠ 26 ᠳᠠᠬᠢᠨ ᠢ ᠳᠠᠪᠠᠵᠤ ᠂ ᠵᠠᠬ᠎ᠠ ᠳᠡᠯᠭᠡᠭᠦᠷ ᠤᠨ ᠬᠢᠨ ᠤ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠳᠤ ᠪᠠᠲᠤ ᠢᠲᠡᠭᠡᠯ ᠲᠠᠢ ᠪᠠᠶᠢᠬᠤ ᠪᠠ ᠵᠠᠰᠠᠭ ᠤᠨ ᠣᠷᠳᠣᠨ ᠤ ᠢᠲᠡᠭᠡᠮᠵᠢ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠶᠢ ᠬᠠᠷᠠᠭᠤᠯᠪᠠ᠃ ᠣᠶᠢᠯᠠᠭᠠᠭᠰᠠᠨ ᠢᠶᠠᠷ ᠂ ᠲᠣᠰ ᠪᠦᠯᠦᠭ ᠤᠨ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠲᠠᠷᠬᠠᠭᠠᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠨᠢᠭᠡᠨᠲᠡ ᠪᠥᠬᠦ ᠵᠢᠯ ᠤᠨ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠡᠭᠦᠷᠭᠡ ᠶᠢᠨ 56.9% ᠶᠢ ᠨᠢ ᠪᠡᠶᠡᠯᠡᠭᠦᠯᠵᠦ ᠂ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠥᠯᠥᠬᠦ ᠳᠠᠷᠤᠯᠲᠠ ᠪᠠᠨ ᠪᠦᠲᠦᠮᠵᠢᠲᠡᠶ ᠨᠠᠮᠳᠠᠭᠠᠪᠠ ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|