ᠮᠠᠨ ᠤ ᠣᠷᠣᠨ ᠤ ᠬᠤᠶᠠᠷ ᠭᠠᠵᠠᠷ 2025 ᠣᠨ ᠤ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠬᠦᠷᠲᠡᠭᠰᠡᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2025/6/27


  ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ 2025 ᠣᠨ ᠤ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠬᠦᠷᠲᠡᠭᠰᠡᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠤᠨ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠲᠦᠩᠯᠢᠶᠣᠣ ᠬᠤᠲᠠ᠂ ᠣᠷᠳᠣᠰ ᠬᠤᠲᠠ ᠨᠢ 2025 ᠣᠨ ᠤ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠬᠦᠷᠲᠡᠭᠰᠡᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠢᠶᠠᠷ ᠠᠮᠵᠢᠯᠲᠠ ᠲᠠᠢ ᠰᠣᠩᠭᠤᠭᠳᠠᠪᠠ᠃ 2025 ᠣᠨ ᠤ ᠡᠳ᠋ ᠤᠨ ᠵᠠᠰᠠᠭ ᠤᠨ ᠶᠠᠮᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠤᠨ ᠠᠵᠢᠯ ᠤᠨ ᠠᠮᠵᠢᠯᠲᠠ ᠪᠦᠲᠦᠮᠵᠢ ᠶᠢᠨ ᠲᠤᠬᠠᠢ ᠰᠢᠯᠭᠠᠨ ᠬᠢᠨᠠᠭᠰᠠᠨ ᠦᠷ᠎ᠡ ᠳ᠋ᠦᠩ ︵ᠬᠤᠶᠠᠳᠤᠭᠠᠷ ᠳᠡᠰ ︶ ᠶᠣᠰᠣᠭᠠᠷ᠂ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠬᠦᠷᠲᠡᠭᠰᠡᠨ ᠵᠢᠱᠢᠶ᠎ᠡ ᠦᠵᠡᠭᠦᠯᠬᠦ ᠣᠷᠣᠨ ᠨᠤᠲᠤᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 7500 ᠲᠦᠮᠡᠨ ᠲᠥᠭᠦᠷᠢᠭ ᠣᠯᠵᠤ ᠂ ᠬᠤᠶᠠᠷ ᠭᠠᠵᠠᠷ  ᠨᠢ ᠲᠣᠰ ᠲᠣᠰ 3750 ᠲᠦᠮᠡᠨ ᠲᠥᠭᠦᠷᠢᠭ ᠣᠯᠪᠠ ᠃

  ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠬᠦᠷᠲᠡᠭᠰᠡᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠨᠢ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠱᠢᠶ᠎ᠡ ᠦᠵᠡᠭᠦᠯᠬᠦ ᠣᠷᠣᠨ ᠨᠤᠲᠤᠭ ᠨᠢ ᠵᠣᠷᠢᠭᠲᠠᠢ ᠪᠠᠷ ᠰᠢᠨ᠎ᠡ ᠶᠢ ᠡᠭᠦᠳᠴᠦ ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠤᠷᠮᠠᠰᠢᠭᠤᠯᠤᠨ ᠂ ᠣᠷᠣᠨ ᠨᠤᠲᠤᠭ ᠢ ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠪᠡᠷ ᠤᠨ ᠥᠷᠲᠡᠭ ᠢ ᠡᠭᠦᠷᠭᠡᠯᠡᠵᠦ ᠳᠡᠶᠢᠯᠬᠦᠶᠢᠴᠡ ᠂ ᠬᠤᠳᠠᠯᠳᠤᠭ᠎ᠠ ᠦᠷᠭᠦᠯᠵᠢᠯᠡᠬᠦᠶᠢᠴᠡ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠣᠷᠣᠭᠤᠯᠤᠯᠲᠠ ᠶᠢ ᠳᠠᠶᠢᠴᠢᠯᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠥᠨᠳᠥᠷ ᠬᠢᠷᠢ ᠲᠦᠪᠰᠢᠨ ᠪᠦᠬᠦᠢ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠠᠬᠢᠭᠤᠯᠤᠨ᠂ ᠵᠢᠵᠢᠭ ᠪᠢᠴᠢᠯ ᠠᠵᠤ ᠠᠬᠤᠶᠢᠯᠠᠯ᠂ ︽ᠬᠥᠳᠡᠭᠡ ᠠᠵᠤ ᠠᠬᠤᠢ ᠬᠥᠳᠡᠭᠡ ᠲᠤᠰᠬᠤᠨ ᠲᠠᠷᠢᠶᠠᠴᠢᠨ ᠮᠠᠯᠴᠢᠳ ︾ ᠤᠨ ᠪᠡᠯᠡ ᠲᠣᠬᠢᠷᠠᠭᠤᠯᠭ᠎ᠠ ᠶᠢᠨ ᠬᠥᠭᠵᠢᠯᠲᠡ ᠶᠢᠨ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠬᠤ ᠪᠠᠷ ᠵᠣᠷᠢᠯᠲᠠ ᠪᠠᠨ ᠪᠣᠯᠭᠠᠭᠰᠠᠨ ᠶᠤᠮ᠃

  ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠬᠥᠭᠵᠢᠭᠦᠯᠬᠦ ᠶᠢ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠣᠭᠲᠠᠴᠠ ᠪᠠ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠳ ᠤᠨ ᠬᠠᠮᠵᠢᠯᠴᠠᠨ ᠠᠵᠢᠯᠯᠠᠬᠤ ᠲᠣᠭᠲᠠᠴᠠ ᠶᠢ ᠪᠦᠷᠢᠨᠰᠢᠬᠦᠯᠪᠡ᠃ ᠮᠠᠨ ᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠨᠡᠷᠡᠰ ᠤᠨ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠳᠡᠭᠦᠯᠳᠡᠷᠵᠢᠭᠦᠯᠬᠦ ᠪᠠᠷ ᠳᠡᠮᠵᠢᠨ ᠂ ᠥᠪᠡᠷᠲᠡᠭᠡᠨ ᠵᠠᠰᠠᠬᠤ ᠣᠷᠣᠨ ᠤ ᠳᠠᠬᠢᠯᠲᠠ ᠳᠠᠭᠠᠭᠠᠯᠲᠠ ᠶᠢᠨ ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠳᠠᠬᠢ ᠲᠦᠷᠦᠭᠦᠯᠡᠬᠦ ᠦᠢᠯᠡᠳᠦᠯ ᠢᠶᠠᠨ ᠪᠠᠳᠠᠷᠠᠭᠤᠯᠬᠤ ᠶᠢ  ᠨᠢ ᠠᠬᠢᠭᠤᠯᠵᠤ᠂ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦᠨ ᠤ ᠲᠤᠬᠠᠶᠢᠯᠠᠭᠰᠠᠨ ᠠᠵᠢᠯ ᠤᠨ ᠬᠡᠪ ᠵᠠᠭᠪᠤᠷ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠠᠰᠢᠭᠯᠠᠨ᠂ ᠮᠠᠨ ᠤ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ︽ ᠬᠥᠳᠡᠭ ᠠᠵᠤ ᠠᠬᠤᠢ ᠬᠥᠳᠡᠭ ᠲᠤᠰᠬᠤᠨ ᠲᠠᠷᠢᠶᠠᠴᠢᠨ ᠮᠠᠯᠴᠢᠳ ︾ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠶᠡᠭᠡ ᠪᠠᠷ ᠳᠡᠮᠵᠢᠪᠡ ᠃

  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠠᠶᠢᠮᠠᠭ ᠬᠤᠲᠠ ᠶᠢᠨ ᠵᠢᠱᠢᠶ᠎ᠡ ᠦᠵᠡᠭᠦᠯᠬᠦ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢᠶᠠᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠵᠢᠯᠤᠭᠤᠳᠬᠤ᠂ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠪᠠᠷᠢᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠡᠳ᠋ ᠤᠨ ᠵᠠᠰᠠᠭ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ ᠂ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠳᠤ ᠰᠠᠶᠢᠲᠤᠷ ᠬᠦᠴᠦᠨ ᠨᠡᠮᠡᠷᠢᠯᠡᠨ᠎ᠡ᠃


ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ
Baidu
map