6 ᠰᠠᠷ᠎ᠠ ᠶᠢᠨ 4 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠡᠨᠧᠷᠭᠢ᠂ ᠮᠠᠯ ᠠᠵᠤ ᠠᠬᠤᠢ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠠᠶᠢᠭᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠵᠤ᠂ ᠳᠡᠳ᠋ ᠲᠡᠷᠢᠭᠦᠯᠡᠭᠴᠢ ᠨᠠᠷ ᠢ ᠬᠤᠪᠢᠳᠠᠨ ᠬᠠᠮᠢᠶᠠᠷᠴᠤ ᠤᠠᠶᠢᠭᠠ ᠬᠦᠷᠢᠶ᠎ᠡ ᠪᠠᠨ ᠲᠤᠭᠤᠰᠢᠲᠠᠢ ᠠᠩᠬᠠᠷᠴᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠵᠤ᠂ ᠵᠢᠭᠰᠠᠭᠠᠨ ᠤᠠᠶᠢᠴᠠᠭᠠᠵᠤ ᠤᠠᠶᠢᠳᠠᠯ ᠢ ᠣᠶᠢᠯᠠᠭᠠᠬᠤ ᠠᠴᠠ ᠠᠪᠤᠭᠠᠳ ᠥᠷᠢᠲᠦᠭᠰᠡᠨ ᠴᠠᠯᠢᠩ ᠢ ᠥᠭᠬᠦ ᠪᠦᠭᠦ ᠶᠠᠪᠤᠴᠠ ᠶᠢ ᠤᠢᠲᠡᠭᠦᠦ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠬᠥᠯᠥᠰᠦᠨ ᠮᠠᠯᠴᠢᠨ ᠲᠠᠷᠢᠶᠠᠴᠢᠨ ᠤ ᠶᠠᠳᠠᠷᠠᠵᠤ ᠵᠦᠳᠡᠷᠡᠵᠦ ᠣᠯᠣᠭᠰᠠᠨ ᠵᠣᠭᠤᠰ ᠢ ᠲᠤᠭ᠎ᠠ ᠶᠣᠰᠣᠭᠠᠷ ᠨᠢ ᠭᠠᠷ ᠲᠤᠨᠢ ᠠᠳᠬᠤᠭᠤᠯᠬᠤ ᠶᠢ ᠤᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠸᠠ ᠠᠵᠤ ᠠᠬᠤᠶᠢᠯᠠᠯ ᠳᠤ ᠥᠷᠢᠲᠦᠵᠦ ᠤᠠᠶᠢᠭᠠ ᠳᠠᠩᠰᠠᠨ ᠤ ᠵᠣᠭᠤᠰ ᠢ ᠥᠭᠬᠦ ᠶᠢ ᠬᠤᠯᠪᠤᠭᠠᠯᠠᠨ ᠠᠬᠢᠭᠤᠯᠵᠤ᠂ ︽ᠤᠠᠷᠢᠯᠭᠠ ᠶᠢᠨ ᠲᠥᠷᠥᠯ ᠵᠦᠢᠯ ᠢ ᠠᠩᠬᠠᠷᠬᠤ ᠳᠤ ᠡᠷᠬᠡᠪᠰᠢ ᠠᠵᠢᠯᠴᠢᠨ ᠤ ᠴᠠᠯᠢᠩ ᠢ ᠥᠭᠬᠦ ᠶᠢ ᠠᠩᠬᠠᠷᠬᠤ︾ ᠲᠣᠭᠲᠠᠴᠠ ᠶᠢ ᠤᠠᠶᠢᠭᠤᠯᠵᠤ᠂ ᠵᠣᠷᠢᠭᠤᠳᠠ ᠪᠠᠷ ᠴᠠᠯᠢᠩ ᠥᠷᠢᠲᠦᠬᠦ ᠳᠤ ᠬᠠᠤᠯᠢ ᠶᠣᠰᠣᠭᠠᠷ ᠴᠣᠬᠢᠯᠲᠠ ᠥᠭᠴᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠭᠦᠳᠡᠯᠮᠦᠷᠢ ᠨᠡᠶᠢᠭᠡᠮ ᠤᠨ ᠤᠠᠲᠤᠯᠠᠭᠠ᠂ ᠬᠤᠲᠠ ᠬᠥᠳᠡᠭᠡ ᠶᠢᠨ ᠪᠦᠲᠦᠭᠡᠨ ᠤᠠᠶᠢᠭᠤᠯᠤᠯᠲᠠ᠂ ᠬᠥᠳᠡᠭᠡ ᠲᠣᠰᠬᠤᠨ ᠬᠥᠳᠡᠭᠡ ᠠᠵᠤ ᠠᠬᠤᠢ ᠵᠡᠷᠭᠡ ᠠᠵᠢᠯ ᠲᠥᠷᠥᠯ ᠤᠨ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠤᠠᠶᠢᠳᠠᠯ ᠢ ᠰᠣᠨᠣᠰᠴᠤ᠂ ᠳᠡᠳ᠋ ᠲᠡᠷᠢᠭᠦᠯᠡᠭᠴᠢ ᠨᠠᠷ ᠵᠠᠬᠢᠳᠠᠯ ᠰᠤᠷᠪᠤᠯᠵᠢᠯᠠᠯ ᠤᠨ ᠠᠵᠢᠯ ᠢ ︽ᠨᠢᠭᠡ ᠠᠵᠢᠯ ᠤᠨ ᠤᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠦᠷᠢᠶ᠎ᠡ ᠬᠤᠪᠢᠶᠠᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠤᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠬᠥᠮᠥᠨ ᠳᠤ ᠵᠠᠬᠢᠳᠠᠯ ᠰᠤᠷᠪᠤᠯᠵᠢᠯᠠᠯ ᠤᠨ ᠦᠷ᠎ᠡ ᠳ᠋ᠦᠩ ᠢ ᠬᠠᠷᠢᠭᠤ ᠲᠤᠰᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠦᠨᠡᠨ ᠪᠣᠳᠠᠲᠠᠢ ᠪᠠᠷ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠳᠬᠡᠭᠰᠡᠨ ᠵᠢᠴᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠤᠨ ᠤᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠯᠠᠭ᠎ᠠ ᠮᠥᠴᠢᠷ ᠤᠨ ᠳᠣᠲᠣᠭᠠᠳᠤ ᠠᠴᠠ ᠡᠬᠢᠯᠡᠨ ᠠᠳᠬᠤᠵᠤ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠡᠷᠡᠰ ᠡᠪᠳᠡᠵᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠳᠠᠭᠤᠯᠤᠨ ᠨᠡᠶᠢᠲᠡᠯᠡᠬᠦ ᠬᠡᠷᠡᠭᠲᠡᠢ᠃ ᠰᠠᠷ᠎ᠠ ᠪᠠᠷ ᠬᠠᠷᠠᠯᠲᠠ ᠲᠣᠭᠲᠠᠭᠠᠨ ᠠᠬᠢᠴᠠ ᠶᠢ ᠠᠳᠬᠤᠵᠤ᠂ ᠰᠠᠯᠠᠭ᠎ᠠ ᠮᠥᠴᠢᠷ ᠨᠢᠭᠡᠪᠦᠷᠢ ᠪᠠᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠪᠠᠨ ᠴᠢᠨᠠᠷ ᠰᠠᠶᠢᠲᠠᠢ ᠤᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠢ ᠰᠤᠳᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠤᠡᠶᠡᠯᠡᠭᠦᠯᠬᠦ ᠥᠨᠳᠥᠷᠴᠡ ᠠᠴᠠ ᠤᠰᠤᠨ ᠤ ᠡᠬᠢ ᠤᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ ᠵᠡᠷᠭᠡ ᠡᠯ᠎ᠡ ᠬᠦᠷᠢᠶᠡᠨ ᠳᠠᠬᠢ ᠤᠰᠤ ᠠᠷᠪᠢᠯᠠᠬᠤ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠲᠦᠪᠰᠢᠨ ᠢ ᠳᠡᠭᠡᠭᠰᠢᠯᠡᠭᠦᠯᠵᠦ᠂ ᠬᠢᠵᠠᠭᠠᠷ ᠲᠠᠢ ᠤᠰᠤᠨ ᠤ ᠡᠬᠢ ᠤᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠤᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ︽ᠨᠢᠭᠡ ᠭᠠᠵᠠᠷ ᠲᠤ ᠣᠯᠠᠨ ᠦᠨᠡᠮᠯᠡᠯ ᠲᠠᠢ ᠤᠠᠶᠢᠬᠤ︾ ᠠᠰᠠᠭᠤᠳᠠᠯ ᠤᠨ ᠤᠠᠶᠢᠳᠠᠯ ᠢ ᠣᠶᠢᠯᠠᠭᠠᠵᠤ ᠵᠢᠭᠰᠠᠭᠠᠨ ᠤᠠᠶᠢᠴᠠᠭᠠᠬᠤ ᠠᠵᠢᠯ ᠢ ᠰᠤᠳᠤᠯᠵᠤ᠂ ᠦᠨᠡᠨ ᠠᠴᠠ ᠵᠥᠪ ᠢ ᠡᠷᠢᠵᠦ᠂ ᠨᠠᠷᠢᠯᠢᠭ ᠣᠨᠣᠴᠠᠲᠠᠢ ᠪᠠᠷ ᠤᠠᠶᠢᠴᠠᠭᠠᠨ ᠣᠶᠢᠯᠠᠭᠠᠵᠤ᠂ ᠦᠷ᠎ᠡ ᠳ᠋ᠦᠩ ᠢ ︽ᠨᠢᠭᠡ ᠵᠢᠷᠤᠭ︾ ᠢᠶᠠᠷ ᠢᠯᠡᠷᠡᠭᠦᠯᠵᠦ᠂ ᠭᠠᠵᠠᠷ ᠰᠢᠷᠣᠢ ᠨᠢᠭᠡᠪᠦᠷᠢ ᠳᠤ ᠴᠥᠮ ᠡᠷᠬᠡ ᠶᠢᠨ ᠬᠠᠷᠢᠶ᠎ᠠ ᠲᠣᠳᠣᠷᠬᠠᠢ ᠤᠠᠶᠢᠵᠤ᠂ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠤᠠᠶᠢᠴᠠᠭᠠᠨ ᠣᠶᠢᠯᠠᠭᠠᠵᠤ ᠬᠤᠶᠢᠰᠢᠳᠠ ᠶᠢᠨ ᠠᠵᠢᠯ ᠤᠨ ᠰᠠᠭᠤᠷᠢ ᠶᠢ ᠰᠠᠶᠢᠨ ᠲᠠᠯᠪᠢᠬᠤ ᠬᠡᠷᠡᠭᠲᠡᠢ᠃ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠠᠢ ᠤᠶᠠᠯᠳᠤᠭᠤᠯᠤᠨ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠳᠤ ᠠᠵᠢᠯ ᠤᠨ ᠠᠬᠢᠴᠠ ᠪᠠᠨ ᠴᠠᠭ ᠲᠤᠬᠠᠢ ᠳᠤᠨᠢ ᠮᠡᠳᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃