6 ᠰᠠᠷ᠎ᠠ ᠶᠢᠨ 7 ᠤ ᠡᠳᠦᠷ᠂ ᠵᠢᠯ ᠳᠤ ᠨᠢᠭᠡ ᠤᠳᠠᠭ᠎ᠠ ᠶᠠᠪᠤᠭᠳᠠᠳᠠᠭ ᠤᠯᠤᠰ ᠤᠨ ᠨᠢᠭᠡᠳᠦᠯᠲᠡᠢ ᠰᠢᠯᠭᠠᠯᠲᠠ ᠪᠣᠯᠵᠤᠭ᠎ᠠ ᠶᠣᠰᠣᠭᠠᠷ ᠬᠦᠷᠴᠦ ᠢᠷᠡᠪᠡ᠃ ᠡᠨᠡ ᠵᠢᠯ ᠪᠣᠯ ᠮᠠᠨ ᠤ ᠣᠷᠣᠨ ᠠᠴᠠ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠠᠴᠠ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ ᠪᠠᠶᠢᠨ᠎ᠠ᠃
ᠡᠨᠡ ᠵᠢᠯ᠂ ᠮᠠᠨ ᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠤᠷᠤᠬᠴᠢ 20.9 ᠲᠦᠮᠡᠨ ᠬᠥᠮᠥᠨ ᠪᠠᠶᠢᠵᠤ᠂ ᠡᠮᠦᠨᠡᠬᠢ ᠬᠤᠭᠤᠴᠠᠭᠠᠨ ᠳᠤ ᠨᠢᠭᠡᠨᠲᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠤᠰᠠᠭᠠᠷ ᠡᠯᠰᠡᠭᠳᠡᠭᠰᠡᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 3 ᠵᠢᠯ ᠰᠤᠷᠤᠯᠴᠠᠬᠰᠠᠨ ᠤ ᠲᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠠᠭᠢᠨ 2 ᠵᠢᠯ ᠰᠤᠷᠤᠯᠴᠠᠬᠤ ᠪᠠᠷ ᠱᠠᠲᠤ ᠰᠢᠯᠵᠢᠭᠦ ᠵᠢᠴᠢ ᠪᠤᠰᠤᠳ ᠲᠤᠰᠠᠭᠠᠷ ᠰᠣᠷᠣᠬᠴᠢ ᠡᠯᠰᠡᠭᠰᠡᠨ 5.2 ᠲᠦᠮᠡᠨ ᠬᠥᠮᠥᠨ ᠠᠴᠠ ᠭᠠᠳᠠᠨ᠎ᠠ᠂ ᠤᠯᠤᠰ ᠤᠨ ᠨᠢᠭᠡᠳᠦᠯᠲᠡᠢ ᠰᠢᠯᠭᠠᠯᠲᠠ ᠳᠤ ᠪᠣᠳᠠᠲᠠᠢ ᠣᠷᠤᠯᠴᠠᠬᠤ ᠬᠥᠮᠥᠨ ᠪᠠᠷᠤᠭ 15.7 ᠲᠦᠮᠡ ᠬᠥᠮᠥᠨ ᠪᠠᠶᠢᠨ᠎ᠠ᠃ ᠪᠦᠭᠦ ᠣᠷᠣᠨ ᠤ 12 ᠠᠶᠢᠮᠠᠭ ᠬᠤᠲᠠ ᠳᠤ ᠨᠡᠶᠢᠲᠡ 104 ᠰᠢᠯᠭᠠᠯᠲᠠ ᠶᠢᠨ ᠲᠣᠭᠤᠷᠢᠭ᠂ 187 ᠰᠢᠯᠭᠠᠯᠲᠠ ᠶᠢᠨ ᠴᠡᠭ᠂ 5625 ᠰᠢᠯᠭᠠᠯᠲᠠ ᠶᠢᠨ ᠲᠠᠯᠠᠪᠠᠶ ᠪᠠ 565 ᠪᠡᠯᠡᠳᠬᠡᠯ ᠰᠢᠯᠭᠠᠯᠲᠠ ᠶᠢᠨ ᠲᠠᠯᠠᠪᠠᠶ ᠲᠣᠬᠢᠷᠠᠭᠤᠯᠵᠤ᠂ ᠰᠢᠯᠭᠠᠯᠲᠠ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠳᠤ ᠶᠠᠪᠤᠭᠳᠠᠭᠤᠯᠤᠨ᠎ᠠ᠃
ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠭᠰᠡᠨ ᠪᠦᠭᠦ ᠤᠯᠤᠰ ᠤᠨ ᠲᠠᠪᠤᠳᠤᠭᠠᠷ ᠪᠦᠯᠦᠭ ᠤᠨ ᠨᠠᠢᠮᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠡᠨᠡ ᠵᠢᠯ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠵᠢᠭᠦᠯᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠢᠶᠠᠷ ᠪᠦᠷᠢᠯᠳᠦᠪᠡ᠃ ᠡᠭᠦᠨ ᠳᠤ᠂︽3︾ ᠭᠡᠳᠡᠭ ᠨᠢ ᠪᠦᠭᠦ ᠤᠯᠤᠰ ᠤᠨ ᠨᠢᠭᠡᠳᠦᠯᠲᠡᠢ ᠰᠢᠯᠭᠠᠬᠤ ᠬᠢᠴᠢᠶᠡᠯ ᠲᠥᠷᠥᠯ ᠤᠨ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ᠶᠢ ᠵᠢᠭᠠᠵᠤ ᠪᠠᠶᠢᠨ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ᠪᠤᠶ ᠪᠦᠬᠦᠢ ᠰᠢᠯᠭᠠᠭᠤᠯᠤᠭᠴᠢ ᠵᠠᠪᠠᠯ ᠰᠢᠯᠭᠠᠬᠤ ᠭᠡᠷᠡᠭᠲᠡᠶ︔ ︽1︾ ᠪᠠ ︽2︾ ᠪᠣᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠪᠠᠶᠢᠵᠤ᠂ ︽1︾ ᠭᠡᠳᠡᠭ ᠨᠢ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠮᠥᠨ᠂ ᠳᠠᠷᠤᠢ ᠹᠢᠽᠢᠺ᠂ ᠲᠡᠦᠬᠡ ᠶᠢᠨ ᠬᠢᠴᠢᠶᠡᠯ ᠲᠥᠷᠥᠯ ᠳᠣᠲᠣᠷ᠎ᠠ ᠠᠴᠠ 1 ᠬᠢᠴᠢᠶᠡᠯ ᠲᠥᠷᠥᠯ ᠢ ᠰᠣᠩᠭᠤᠨ᠎ᠠ︔ ︽2︾ ᠭᠡᠳᠡᠭ ᠨᠢ ᠳᠠᠭᠢᠨ ᠰᠣᠩᠭᠤᠯᠲᠠ ᠶᠢᠨ ᠬᠢᠴᠢᠶᠡᠯ ᠪᠣᠯᠣᠨ᠎ᠠ᠂ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ ᠬᠢᠴᠢᠶᠡᠯ ᠲᠦᠷᠦᠯ ᠳᠣᠲᠣᠷ᠎ᠠ ᠠᠴᠠ 2 ᠬᠢᠴᠢᠶᠡᠯ ᠲᠦᠷᠦᠯ ᠢ ᠰᠣᠩᠭᠤᠵᠤ ᠪᠣᠯᠣᠨ᠎ᠠ᠃ ᠡᠨᠡ ᠬᠦ ᠬᠡᠪ ᠵᠠᠭᠪᠤᠷ ᠲᠤ ᠰᠣᠷᠣᠬᠴᠢ ᠥᠪᠡᠷ ᠤᠨ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ ᠴᠢᠳᠠᠪᠤᠷᠢ ᠪᠠᠨ ᠦᠨᠳᠦᠰᠦᠯᠡᠨ᠂ 12 ᠵᠦᠢᠯ ᠤᠨ ᠬᠠᠮ ᠬᠡᠰᠡᠭᠯᠡᠯ ᠳᠣᠲᠣᠷ᠎ᠠ ᠠᠴᠠ ᠨᠢᠭᠡ ᠶᠢ ᠨᠢ ᠡᠵᠡᠨ ᠮᠡᠳᠡᠵᠦ ᠰᠣᠩᠭᠤᠵᠤ ᠪᠣᠯᠣᠨ᠎ᠠ᠃ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠵᠡᠷᠭᠡ ᠲᠤᠰᠬᠠᠢ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠵᠣᠬᠢᠬᠤ ᠲᠤᠰᠬᠠᠢ ᠮᠡᠷᠭᠡᠵᠢᠯ ᠤᠨ ᠰᠢᠯᠭᠠᠯᠲᠠ ᠳᠤ ᠣᠷᠣᠯᠴᠠᠨ᠎ᠠ᠃ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠣᠳᠠᠲᠠᠢ ᠴᠠᠭ ᠨᠢ᠂ 6 ᠰᠠᠷ᠎ᠠ ᠶᠢᠨ 7 ᠤ ᠡᠳᠦᠷ ᠤᠨ 9᠄ 00 -11᠄ 30 ᠭᠡᠯᠡ ᠪᠢᠴᠢᠭ᠂ 15᠄ 00 -17᠄ 00 ᠲᠣᠭᠠᠨ ᠤ ᠤᠬᠠᠭᠠᠨ︔ 6 ᠰᠠᠷ᠎ᠠ ᠶᠢᠨ 8 ᠤ ᠡᠳᠦᠷ ᠤᠨ 9᠄ 00 -10᠄ 15 ᠹᠢᠽᠢᠺ / ᠲᠡᠦᠬᠡ᠂ 15᠄ 00 -17᠄ 00 ᠭᠠᠳᠠᠭᠠᠳᠤ ᠭᠡᠯᠡ ︵ᠰᠣᠨᠣᠰᠬᠤ ᠴᠢᠳᠠᠪᠤᠷᠢ ᠶᠢᠨ ᠰᠢᠯᠭᠠᠯᠲᠠ ᠪᠠᠭᠲᠠᠨ᠎ᠠ︶︔ 6 ᠰᠠᠷ᠎ᠠ ᠶᠢᠨ 9 ᠤ ᠡᠳᠦᠷ ᠤᠨ 8᠄ 30 - 9᠄ 45 ᠬᠢᠮᠢ᠂ 11᠄ 00 -12᠄ 15 ᠭᠠᠵᠠᠷ ᠵᠦᠢ᠂ 14᠄ 30 -15᠄ 45 ᠦᠵᠡᠯ ᠰᠠᠨᠠᠭ᠎ᠠ ᠤᠯᠤᠰ ᠲᠥᠷᠥ᠂ 17᠄ 00 -18᠄ 15 ᠠᠮᠢᠳᠤ ᠪᠣᠳᠠᠰ ᠤᠨ ᠤᠬᠠᠭᠠᠨ᠃ ᠮᠣᠩᠭᠤᠯ ᠭᠡᠯᠡ ᠨᠡᠮᠡᠵᠦ ᠰᠢᠯᠭᠠᠬᠤ ᠰᠢᠯᠭᠠᠯᠲᠠ ᠶᠢᠨ ᠴᠠᠭ ᠨᠢ 6 ᠰᠠᠷ᠎ᠠ ᠶᠢᠨ 10 ᠤ ᠡᠳᠦᠷ ᠤᠨ 9᠄ 00 -11᠄ 30 ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠨᠢ ᠰᠢᠯᠭᠠᠬᠤ ᠬᠢᠴᠢᠶᠡᠯ ᠲᠥᠷᠥᠯ᠂ ᠬᠢᠷᠢ ᠪᠦᠲᠦᠮᠵᠢ ᠶᠢ ᠨᠡᠶᠢᠲᠡᠯᠡᠬᠦ᠂ ᠡᠷᠡᠮᠡᠯᠵᠡᠯ ᠲᠠᠭᠯᠠᠬᠤ ᠪᠠ ᠡᠯᠰᠡᠬᠦ ᠵᠡᠷᠭᠡ ᠲᠠᠯ᠎ᠠ ᠪᠠᠷ ᠬᠤᠪᠢᠷᠠᠯᠲᠠ ᠭᠠᠷᠪᠠ᠂ 2025 ᠣᠨ ᠤ ᠰᠢᠨ᠎ᠡ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠰᠢᠯᠭᠠᠬᠤ ᠪᠠ ᠰᠣᠷᠣᠬᠴᠢ ᠡᠯᠰᠡᠬᠦ ᠠᠵᠢᠯ ᠤᠨ ᠲᠥᠰᠥᠯ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠡᠷᠡᠮᠡᠯᠵᠡᠯ ᠲᠠᠭᠯᠠᠬᠤ ᠪᠠ ᠲᠠᠩᠰᠠ ᠡᠪᠬᠡᠮᠡᠯ ᠢᠶᠠᠨ ᠲᠤᠰᠢᠶᠠᠬᠤ ᠡᠯᠰᠡᠬᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠭᠤᠭᠴᠤᠭ᠎ᠠ ᠶᠢ ᠪᠦᠭᠦ ᠶᠠᠪᠤᠴᠠ ᠳᠤ ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠬᠦᠴᠦᠨ ᠢᠶᠠᠷ ᠢᠶᠠᠨ ᠬᠠᠮᠠᠭᠠᠯᠠᠭᠰᠠᠨ ᠪᠠᠶᠢᠨ᠎ᠠ ᠭᠡᠵᠦ ᠲᠠᠨᠢᠯᠴᠠᠭᠤᠯᠪᠠ᠃