ᠣᠶᠢᠷ᠎ᠠ ᠳᠤ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ︽ᠭᠦᠨᠵᠡᠭᠡᠢ ︾ ᠪᠠ ︽ᠪᠣᠳᠠᠲᠠᠢ ︾ ᠪᠠᠶᠢᠬᠤ ᠱᠠᠭᠠᠷᠳᠠᠯᠭ᠎ᠠ ᠶᠢ ᠪᠠᠲᠤ ᠡᠵᠡᠮᠳᠡᠵᠦ ᠂ ᠰᠤᠷᠤᠯᠴᠠᠯᠭ᠎ᠠ ᠬᠥᠮᠦᠵᠢᠯ ᠳᠤ ᠳᠤᠷᠠᠳᠤᠭᠰᠠᠨ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠵᠤ ᠂ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠵᠤ ᠂ ᠪᠣᠳᠠᠲᠠᠢ ᠨᠠᠶᠢᠳᠠᠪᠤᠷᠢᠵᠢᠭᠤᠯᠵᠤ ᠂ ᠲᠥᠪ ᠤᠨ ᠲᠣᠭᠤᠷᠢᠨ ᠪᠠᠶᠢᠴᠠᠭᠠᠯᠲᠠ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠵᠤ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ ︽ᠤᠬᠲᠤ ᠠᠭᠤᠴᠢᠯᠠᠬᠤ ᠦᠭᠡᠢ ︾ ᠪᠠᠶᠢᠵᠤ ᠂ ᠦᠨᠡᠨ ᠬᠦ ᠬᠢᠵᠦ ᠂ ᠴᠢᠩᠭ᠎ᠠ ᠴᠣᠬᠢᠯᠲᠠ ᠥᠭᠴᠦ ᠂ ︽ᠬᠠᠷᠢᠯᠴᠠᠨ ᠵᠠᠯᠠᠵᠤ ᠢᠳᠡᠵᠦ ᠤᠤᠭᠤᠬᠤ ︾᠂ ︽ᠠᠵᠤ ᠠᠬᠤᠶᠢᠯᠠᠯ ᠢ ᠢᠳᠡᠬᠦ ︾᠂ ︽ᠳᠣᠣᠷ᠎ᠠ ᠱᠠᠲᠤ ᠪᠠᠨ ᠢᠳᠡᠬᠦ ︾ ᠵᠡᠷᠭᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ ᠂ ᠵᠣᠷᠢᠭᠤᠳᠠ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠤᠬᠤᠶᠢᠮᠠᠬᠴᠠ ᠴᠣᠬᠢᠯᠲᠠ ᠥᠭᠴᠦ ᠂ ᠤᠬᠳᠤ ᠠᠭᠤᠴᠢᠯᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠲᠣᠭᠤᠷᠢᠨ ᠪᠠᠶᠢᠴᠠᠭᠠᠬᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠴᠢᠩᠭ᠎ᠠ ᠪᠠᠷᠢᠮᠵᠢᠶᠠᠯᠠᠵᠤ ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠠᠳᠠᠯᠢ ᠴᠢᠭᠯᠡᠯ ᠢᠶᠠᠷ ᠬᠦᠴᠦᠯᠡᠵᠦ ᠂ ᠠᠳᠠᠯᠢ ᠰᠡᠳᠦᠪ ᠲᠤ ᠬᠠᠮᠲᠤ ᠪᠠᠷ ᠬᠠᠷᠢᠭᠤᠯᠲᠠ ᠥᠭᠴᠦ ᠂ ᠲᠠᠪᠤᠨ ᠶᠡᠭᠡ ᠡᠭᠦᠷᠭᠡ ᠶᠢ ᠠᠬᠢᠭᠤᠯᠬᠤ ᠳᠤ ᠣᠷᠣᠰᠢᠵᠤ ᠪᠠᠶᠢᠭ᠎ᠠ ᠵᠥᠷᠢᠶ᠎ᠡ ᠶᠢ ᠭᠦᠨᠵᠡᠭᠡᠢ ᠪᠠᠶᠢᠴᠠᠭᠠᠨ ᠨᠠᠷᠢᠨ ᠰᠤᠳᠤᠯᠵᠤ ᠂ ᠬᠠᠨᠳᠤᠯᠭᠠᠲᠤ ᠴᠢᠨᠠᠷᠲᠠᠢ ᠪᠠᠷ ᠠᠵᠢᠯ ᠢᠶᠠᠨ ᠰᠠᠶᠢᠵᠢᠷᠠᠭᠤᠯᠬᠤ ᠬᠡᠷᠡᠭᠲᠡᠢ ᠃ ᠠᠰᠠᠭᠤᠳᠠᠯ ᠢ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠭᠡᠰᠡᠨ ᠴᠤ ᠲᠡᠷᠡ ᠡᠰᠡᠬᠦᠯ᠎ᠡ ᠵᠠᠬᠢᠳᠠᠯ ᠰᠤᠷᠪᠤᠯᠵᠢᠯᠠᠯ ᠤᠨ ᠤᠴᠢᠷ ᠶᠠᠪᠤᠳᠠᠯ ᠢ ᠰᠢᠢᠳᠪᠦᠷᠢᠯᠡᠬᠦ ᠳᠤ ᠴᠦ ᠲᠡᠷᠡ ᠂ ᠴᠥᠮ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ︾ ᠪᠠ ︽ᠨᠢᠭᠡ ᠱᠤᠭᠤᠮ ︾ ᠤᠨ ᠲᠣᠭᠲᠠᠴᠠ ᠶᠢ ᠨᠠᠶᠢᠳᠠᠪᠤᠷᠢᠵᠢᠭᠤᠯᠵᠤ ᠂ ᠠᠮᠢ ᠠᠬᠤᠢ ᠶᠢᠨ ᠬᠠᠮᠠᠭᠠᠯᠠᠯᠲᠠ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠢ ᠥᠷᠢᠲᠦᠬᠦ ᠵᠡᠷᠭᠡ ᠬᠦᠷᠢᠶᠡᠨ ᠳᠠᠬᠢ ᠠᠰᠠᠭᠤᠳᠠᠯ ᠢ ᠢᠮᠠᠭᠲᠠ ᠰᠤᠯᠠᠷᠠᠰᠢ ᠦᠭᠡᠢ ᠲᠤᠭᠤᠰᠢᠯᠠᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃
ᠬᠤᠷᠠᠯ ᠠᠴᠠ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠂ ᠰᠤᠷᠲᠠᠯ ᠠᠴᠠ ᠡᠬᠢᠯᠡᠨ ᠴᠡᠭᠴᠡᠯᠡᠨ ᠰᠠᠶᠢᠵᠢᠷᠠᠭᠤᠯᠵᠤ ᠂ ᠠᠵᠢᠯ ᠢ ᠤᠳᠠᠭᠠᠨ ᠪᠠᠶᠢᠭᠰᠠᠨ ᠠᠴᠠ ᠲᠦᠷᠭᠡᠨ ᠬᠢᠬᠦ ᠪᠤᠯᠭᠠᠵᠤ ᠂ ᠪᠦᠳᠦᠭᠦᠯᠢᠭ ᠪᠠᠶᠢᠭᠰᠠᠨ ᠠᠴᠠ ᠨᠠᠷᠢᠯᠢᠭ ᠪᠤᠯᠭᠠᠵᠤ ᠂ ᠬᠡᠶᠢᠰᠪᠦᠷᠢ ᠪᠠᠶᠢᠭᠰᠠᠨ ᠠᠴᠠ ᠪᠣᠳᠠᠲᠠᠢ ᠪᠤᠯᠭᠠᠵᠤ ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ ᠳᠤᠲᠠᠭᠤᠳᠠᠯ ᠢᠶᠠᠨ ᠨᠥᠬᠦᠪᠦᠷᠢᠯᠡᠵᠦ ᠂ ᠳᠠᠭᠢᠨ ᠶᠠᠳᠠᠭᠤᠷᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠢᠨᠠᠨ ᠬᠡᠮᠵᠢᠵᠦ ᠂ ᠡᠳ᠋ ᠬᠥᠷᠥᠩᠭᠡ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠰᠤᠳᠤᠯᠵᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ ︾᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠰᠠᠵᠤ ᠂ ᠨᠠᠷᠢᠨ ᠬᠢᠨᠠᠮᠠᠭᠠᠢ ᠨᠠᠷᠢᠯᠢᠭ ᠬᠢᠵᠦ ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠂ ᠨᠢᠭᠡ ᠠᠰᠠᠭᠤᠳᠠᠯ ᠢ ᠴᠡᠭᠴᠡᠯᠡᠨ ᠵᠠᠰᠠᠬᠤ ᠪᠠᠷ ᠲᠠᠮᠵᠢᠨ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠵᠤ ᠂ ᠤᠯᠠᠨ ᠲᠦᠮᠡᠨ ᠳᠤ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃