​ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.6.1-2025.6.7︶
ᠨᠡᠶᠢᠲᠡᠯᠡᠭᠰᠡᠨ ᠴᠠᠭ᠄
2025/6/9


︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ ᠃ 

ᠤᠳᠤᠷᠢᠳᠤᠯᠭ᠎ᠠ ᠶᠢᠨ ᠠᠵᠢᠯᠯᠠᠭ᠎ᠠ

1

ᠰᠦᠨ ᠱᠣᠸ ᠴᠧᠩ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠢ ᠡᠷᠬᠢᠯᠡᠪᠡ

6 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯᠳᠤᠭᠠᠨ ᠬᠤᠷᠠᠯᠳᠤᠭᠤᠯᠵᠤ᠂ ᠶᠡᠷᠦᠩᠬᠡᠢ ᠱᠦᠵᠢ ᠰᠢ  ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠪᠡ ᠃

2

ᠸᠠᠩ ᠯᠢ ᠰᠢᠶᠠ

ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ 

6 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠬᠢᠭᠡᠳ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠠᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ 

ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠪᠠ 

2025 ᠣᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠡᠰᠡᠬᠦ ᠨᠢᠭᠡᠳᠦᠯᠲᠡᠢ ᠰᠢᠯᠭᠠᠯᠲᠠ ᠪᠣᠯᠬᠤ ᠲᠠᠰᠢᠷᠠᠮ ᠢᠶᠠᠷ᠂ 6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠢᠯᠭᠠᠯᠲᠠ ᠶᠢᠨ ᠴᠡᠭ ᠲᠤ ᠭᠦᠨᠵᠡᠭᠡᠶᠢᠷᠡᠨ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠡᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠭᠰᠠᠨ ᠪᠠᠶᠢᠨ᠎ᠠ᠃ ᠪᠦᠦ ᠰᠢᠶᠠᠨ ᠬᠤᠸᠠ ᠲᠣᠰ ᠪᠠᠶᠢᠴᠠᠭᠠᠬᠤ ᠠᠵᠢᠯ ᠳᠤ ᠣᠷᠣᠯᠴᠠᠪᠠ ᠃

 

 

 


ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
Baidu
map