| ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 26 ᠤ ᠴᠠᠭᠢᠯᠭᠠᠨ ᠮᠡᠳᠡᠭ᠊ᠡ᠋ 6 ᠰᠠᠷ᠎ᠠ ᠶᠢᠨ 26 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠵᠤᠨ ᠤ ᠤᠯᠠᠷᠢᠯ ᠤᠨ ᠳ᠋ᠠᠸᠤᠰ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠳᠤᠮᠳᠠᠳᠤ ᠤᠯᠤᠰ ᠲᠤ | ᠢᠷᠡᠭᠰᠡᠨ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | | | | | | 6 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠵᠤᠨ ᠤ ᠤᠯᠠᠷᠢᠯ ᠤᠨ ᠳ᠋ᠠᠸᠤᠰ ᠤᠨ ᠶᠠᠷᠢᠶᠠᠨ ᠤ ᠲᠠᠪᠴᠠᠩ ᠳᠤ | ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠰᠢ ᠶᠢᠨ ᠫᠢᠩ ᠹᠠᠨ ᠮᠢᠩ ᠵᠧᠩ ᠢᠶᠠᠷ ᠳᠠᠮᠵᠢᠭᠤᠯᠤᠨ ᠷᠤᠸᠠᠨ ᠹᠦ᠋ ᠵᠦᠩ ᠶᠡᠷᠦᠩᠬᠡᠢ ᠱᠦᠵᠢ ᠪᠣᠯᠣᠨ ᠤᠯᠤᠰ ᠤᠨ | ᠲᠡᠷᠢᠭᠦᠯᠡᠭᠴᠢ ᠰᠦ᠋ ᠯᠢᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠨᠢᠳᠤᠨᠤᠨ ᠤ ᠵᠢᠯ ᠤᠨ | ᠰᠡᠭᠦᠯᠴᠢ ᠪᠠᠷ ᠪᠢ ᠸᠢᠶᠧᠲᠨᠠᠮ ᠳᠤ ᠠᠶᠢᠯᠴᠢᠯᠠᠯᠲᠠ ᠬᠢᠬᠦ ᠬᠤᠭᠤᠴᠠᠭᠠᠨ ᠳᠤ ᠶᠡᠷᠦᠩᠬᠡᠢ ᠱᠦᠵᠢ ᠷᠤᠸᠠᠨ ᠹᠦ᠋ ᠵᠥᠩ ᠲᠠᠢ | ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠱᠠᠲᠤᠨ ᠳᠤ | ᠣᠷᠣᠬᠤ ᠶᠢ ᠬᠥᠲᠥᠯᠥᠨ ᠳᠠᠭᠠᠭᠤᠯᠪᠠ᠃ ᠬᠠᠭᠠᠰ ᠵᠢᠯ ᠭᠠᠷᠤᠢ ᠶᠢᠨ ᠲᠤᠷᠰᠢ ᠬᠤᠶᠠᠷ ᠨᠠᠮ ᠬᠤᠶᠠᠷ ᠤᠯᠤᠰ ᠤᠨ ᠳᠡᠭᠡᠳᠦ | ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠤᠷᠤᠭᠰᠢᠲᠠᠢ ᠶᠠᠪᠤᠭᠳᠠᠵᠤ᠂ ᠬᠤᠶᠠᠷ | ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠰᠢᠷᠦᠭᠦᠰᠴᠦ᠂ ᠳᠤᠮᠳᠠᠳᠤ ᠸᠢᠶᠧᠲᠨᠠᠮ ᠤᠨ ᠬᠢᠨ ᠠᠵᠤ | ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠢ ᠪᠠᠲᠤᠯᠠᠵᠤ᠂ ᠨᠡᠶᠢᠭᠡᠮ | ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠢᠯᠡᠷᠡᠭᠦᠯᠪᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠲᠤᠰ ᠲᠤᠰ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠨᠡᠶᠢᠴᠡᠵᠦ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠬᠤ᠂ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ | ᠠᠰᠢᠭᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠪᠠᠶᠢᠯᠳᠤᠬᠤ ᠪᠣᠳᠣᠯᠭ᠎ᠠ ᠶᠢᠨ | ᠵᠢᠯᠣᠭᠤᠳᠤᠮᠵᠢ ᠪᠠᠨ ᠴᠢᠩᠭᠠᠳᠬᠠᠵᠤ᠂ ︽ᠵᠢᠷᠭᠤᠭᠠᠨ ᠨᠠᠩ ᠢᠯᠡᠭᠦᠦ︾ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ | ᠪᠦᠯᠬᠦᠮᠳᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠡᠷᠡᠰ ᠳᠡᠮᠵᠢᠵᠦ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠳᠡᠯᠡᠬᠡᠢ ᠶᠢᠨ | ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ᠂ ᠬᠥᠭᠵᠢᠯ ᠴᠡᠴᠡᠭᠯᠡᠯ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠬᠤ ᠨᠢ ᠬᠤᠶᠠᠷ ᠲᠠᠯ᠎ᠠ ᠶᠢᠨ ᠠᠵᠤ ᠠᠬᠤᠢ | ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ | ᠥᠷᠭᠡᠳᠬᠡᠬᠦ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ | ᠶᠠᠪᠤᠯᠴᠠᠭ᠎ᠠ ᠪᠠᠨ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ | ᠠᠬᠢᠭᠤᠯᠵᠤ᠂ ᠬᠤᠶᠠᠷ ᠤᠯᠤᠰ ᠤᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠬᠤᠶᠠᠷ ᠤᠯᠤᠰ ᠤᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ | ᠳᠤᠷᠠᠲᠠᠶ᠎ᠠ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠠᠬᠢ ᠪᠡᠯᠡ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠤᠨ᠎ᠠ᠂ ᠸᠢᠶᠧᠲᠨᠠᠮ ᠤᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ | ᠲᠥᠪ ᠭᠤᠣᠯᠴᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ | ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠤᠨ ᠨᠥᠭᠦᠷᠰᠡᠭ ᠶᠠᠪᠤᠯᠴᠠᠭ᠎ᠠ ᠶᠢᠨ ᠬᠤᠪᠢᠰᠬᠠᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠬᠢᠯᠢ ᠬᠢᠵᠠᠭᠠᠷ ᠤᠨ ᠮᠤᠵᠢ ᠣᠷᠣᠨ ᠤ ᠰᠣᠯᠢᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠬᠥᠳᠡᠭᠡ | ᠠᠵᠤ ᠠᠬᠤᠢ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠠᠷᠠᠳ ᠤᠨ ᠳᠤᠮᠳᠠᠬᠢ᠂ ᠵᠠᠯᠠᠭᠤᠴᠤᠳ ᠵᠡᠷᠭᠡ ᠰᠣᠯᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠬᠤᠶᠠᠷ | ᠲᠠᠯ᠎ᠠ ᠪᠠᠷ ᠢᠶᠠᠨ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤ ᠶᠢᠨ ᠨᠡᠭᠡᠭᠡᠨ | ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ | ᠬᠠᠮᠠᠭᠠᠯᠠᠶ᠎ᠠ ᠭᠡᠵᠦ ᠴᠢᠬᠤᠯᠠᠴᠢᠯᠠᠵᠠᠢ᠃ | ᠹᠠᠨ ᠮᠢᠩ ᠵᠧᠩ ᠠᠴᠠ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠦ᠋ ᠯᠢᠨ ᠤ | ᠶᠡᠷᠦᠩᠬᠡᠢ ᠱᠦᠵᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠤ᠂ ᠸᠢᠶᠧᠲᠨᠠᠮ ᠳᠤᠮᠳᠠᠳᠤ | ᠤᠯᠠᠮᠵᠢᠯᠠᠯᠲᠤ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠲᠠᠢ ᠶᠤᠮ᠂ ᠴᠥᠮ ᠡᠪ ᠬᠠᠮᠲᠤ ᠨᠠᠮ ᠤᠳᠤᠷᠢᠳᠴᠤ | ᠪᠠᠶᠢᠭ᠎ᠠ ᠨᠡᠶᠢᠭᠡᠮ ᠵᠢᠷᠤᠮᠲᠤ ᠤᠯᠤᠰ ᠶᠤᠮ᠃ ᠸᠢᠶᠧᠲᠨᠠᠮ ᠤᠨ ᠬᠢᠨ ᠳᠤᠮᠳᠠᠳᠤ ᠤᠯᠤᠰ ᠶᠡᠷᠦᠩᠬᠡᠢ ᠱᠦᠵᠢ ᠰᠢ ᠶᠢᠨ | ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠪᠦᠭᠦ ᠲᠠᠯ᠎ᠠ ᠶᠢᠨ ᠠᠭᠤᠤ ᠶᠡᠭᠡ ᠠᠮᠵᠢᠯᠲᠠ ᠣᠯᠣᠭᠰᠠᠨ ᠳᠤ ᠴᠢᠩ | ᠰᠡᠳᠬᠢᠯ ᠠᠴᠠ ᠪᠠᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠴᠢᠬᠤᠯᠠ | ᠬᠥᠳᠡᠯᠭᠡᠭᠦᠷ ᠪᠣᠯᠣᠨ ᠴᠢᠬᠤᠯᠠ ᠲᠣᠭᠲᠠᠪᠤᠷᠢᠵᠢᠭᠤᠯᠬᠤ ᠦᠢᠯᠡᠳᠦᠯ ᠦᠵᠡᠭᠦᠯᠵᠦ ᠪᠠᠶᠢᠬᠤ ᠶᠢ ᠢᠳᠡᠪᠬᠢᠲᠡᠢ ᠦᠨᠡᠯᠡᠵᠦ | ᠪᠠᠶᠢᠨ᠎ᠠ᠃ ᠳᠤᠮᠳᠠᠳᠤ ᠤᠯᠤᠰ ᠤᠨ ᠬᠥᠭᠵᠢᠨ ᠬᠦᠴᠦᠷᠬᠡᠭᠵᠢᠵᠦ ᠴᠡᠴᠡᠭᠯᠡᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ | ᠨᠡᠩ ᠴᠢᠬᠤᠯᠠ ᠦᠢᠯᠡᠳᠦᠯ ᠦᠵᠡᠭᠦᠯᠭᠦ ᠶᠢ ᠸᠢᠶᠧᠲᠨᠠᠮ ᠤᠨ ᠬᠢᠨ ᠳᠡᠮᠵᠢᠨ᠎ᠠ᠃ ᠸᠢᠶᠧᠲᠨᠠᠮ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠢᠯᠡᠷᠡᠭᠦᠯᠦᠭᠰᠡᠨ ᠲᠡᠦᠬᠡ ᠶᠢᠨ ᠬᠠᠷᠠᠭᠠᠰᠤ᠂ ᠪᠦᠭᠦ ᠪᠥᠮᠪᠥᠷᠴᠡᠭ ᠤᠨ ᠬᠠᠷᠠᠴᠠ ᠪᠣᠯᠣᠨ ᠠᠤᠭ᠎ᠠ ᠬᠦᠴᠦᠨ ᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ | ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ︽ᠪᠦᠭᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ ᠲᠠᠯᠠᠢ ᠶᠢ | ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠶᠢ ᠲᠡᠮᠵᠢᠵᠤ᠂ ᠠᠵᠤ ᠠᠬᠤᠢ ᠠᠷᠠᠯᠵᠢᠶ᠎ᠠ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠰᠠᠭᠤᠳᠠᠯ ᠢ ᠤᠯᠤᠰ ᠲᠥᠷᠥᠴᠢᠯᠡᠬᠦ ᠶᠢ ᠡᠰᠡᠷᠭᠦᠴᠡᠨ᠎ᠡ᠃ ᠸᠢᠶᠧᠲᠨᠠᠮ ᠤᠨ | ᠬᠢᠨ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠤᠨᠤᠯ ᠰᠢᠨ᠎ᠡ ᠦᠢᠯᠡᠳᠦᠯᠭᠡ | ᠰᠢᠨ᠎ᠡ ᠦᠷ᠎ᠡ ᠪᠦᠲᠦᠭᠡᠯ ᠢ ᠰᠤᠷᠤᠯᠴᠠᠨ ᠲᠣᠯᠢ ᠪᠤᠯᠭᠠᠵᠤ᠂ ᠳᠤᠮᠳᠠᠳᠤ ᠤᠯᠤᠰ ᠲᠠᠢ ᠬᠠᠮᠲᠤ ᠪᠠᠷ ᠨᠡᠶᠢᠭᠡᠮ ᠵᠢᠷᠤᠮ ᠤᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ | ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ | ᠤᠯᠤᠰ ᠤᠨ ᠬᠥᠭᠵᠢᠯᠲᠡ ᠶᠢ ᠪᠡᠶᠡᠯᠡᠭᠦᠯᠬᠦ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ | ᠸᠢᠶᠧᠲᠨᠠᠮ ᠤᠨ ᠬᠢᠨ ᠳᠤᠮᠳᠠᠳᠤ ᠶᠢᠨ ᠬᠢᠨ ᠤ ᠲᠠᠶᠢᠸᠠᠨ ᠤ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠲᠡᠮᠵᠢᠵᠤ᠂ | ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠸᠢᠶᠧᠲᠨᠠᠮ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ | ᠢᠲᠡᠭᠡᠯᠴᠡᠭᠡ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠸᠢᠶᠧᠲᠨᠠᠮ ᠤᠨ ᠭᠠᠳᠠᠭᠠᠳᠤ | ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠪᠥᠭᠡᠳ ᠪᠠᠶᠢᠯᠳᠤᠬᠤ ᠪᠣᠳᠣᠯᠭ᠎ᠠ ᠶᠢᠨ ᠰᠣᠩᠭᠤᠯᠲᠠ | ᠪᠤᠯᠭᠠᠵᠤ᠂ ᠭᠠᠳᠠᠭᠠᠳᠤ ᠶᠢᠨ ᠥᠳᠥᠭᠡᠯᠭᠡ ᠪᠠ ᠬᠠᠷᠰᠢᠯᠠᠯ ᠡᠪᠳᠡᠯᠡᠭᠡ ᠶᠢ ᠬᠦᠯᠢᠶᠡᠬᠦ ᠦᠭᠡᠢ ᠶᠤᠮ᠃ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠨᠢᠳᠤᠨᠤᠨ ᠸᠢᠶᠧᠲᠨᠠᠮ ᠳᠤ ᠠᠮᠵᠢᠯᠲᠠ ᠲᠠᠢ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠶᠠᠪᠤᠳᠠᠯ ᠪᠣᠯ ᠸᠢᠶᠧᠲᠨᠠᠮ ᠳᠤᠮᠳᠠᠳᠤ ᠶᠢᠨ ᠬᠠᠷᠢᠯᠴᠠᠭᠠᠨ ᠤ ᠲᠡᠦᠬᠡᠨ ᠬᠥᠰᠢᠶ᠎ᠡ ᠲᠡᠮᠳᠡᠭ ᠪᠣᠯᠣᠨ᠎ᠠ᠃ | ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ | ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠨᠡᠩ ᠢᠯᠡᠭᠦᠦ︾ ᠶᠢᠨ ᠶᠡᠷᠦᠩᠬᠡᠢ ᠬᠠᠷᠠᠯᠲᠠ | ᠶᠣᠰᠣᠭᠠᠷ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠯᠠᠭᠤᠴᠤᠳ ᠤᠨ ᠬᠤᠭᠤᠷᠤᠨᠳᠤᠭᠢ ᠰᠣᠯᠢᠯᠴᠠᠭ᠎ᠠ ᠶᠢ ᠵᠣᠷᠢᠭᠵᠢᠭᠤᠯᠵᠤ᠂ | ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ | ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠨᠡᠨ ᠬᠦ ᠠᠬᠢᠭᠤᠯᠤᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |