| ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ 5 ᠰᠠᠷ᠎ᠠ ᠶᠢᠨ 20 ᠤ ᠡᠳᠦᠷ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ | ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ | ᠭᠤᠣᠯᠳᠠᠯᠭ᠎ᠠ ᠲᠠᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠂ ᠡᠭᠦᠨ ᠢ ᠰᠢᠨ᠎ᠡ ᠠᠶᠠᠨ ᠳᠤ ᠨᠠᠮ | ᠪᠠ ᠤᠯᠤᠰ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠪᠣᠳᠣᠯᠬᠢᠯᠠᠭᠰᠠᠨ ᠶᠤᠮ᠂ ᠵᠣᠷᠢᠯᠭ᠎ᠠ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠤᠬᠠᠭᠠᠯᠠᠨ ᠲᠥᠯᠥᠪᠯᠡᠭᠡ ᠪᠠ ᠪᠠᠶᠢᠷᠢᠯᠠᠭᠤᠯᠤᠯᠲᠠ ᠬᠢᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠳᠦᠷᠢᠮ ᠤᠨ ᠪᠠᠲᠤᠯᠠᠭ᠎ᠠ | ᠬᠠᠩᠭᠠᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ | ᠵᠧᠩ ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ | ᠬᠤᠤ ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ | ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ | ᠵᠠᠰᠠᠬᠤ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠫᠢᠶᠣᠣ ᠱᠢ ᠯᠦᠩ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠤᠨ ᠨᠣᠣᠷᠠᠭ ᠢ ᠪᠦᠷᠢᠮᠦᠰᠦᠨ | ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠨᠡ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ | ᠲᠡᠦᠬᠡ ᠶᠢᠨ ᠰᠢᠨ᠎ᠡ ᠡᠭᠢᠯᠡᠯᠲᠡ᠂ ᠲᠡᠦᠬᠡ ᠶᠢᠨ ᠰᠢᠨ᠎ᠡ ᠣᠷᠣᠨ ᠪᠠᠶᠢᠷᠢ ᠳᠡᠭᠡᠷᠡᠬᠢ ᠥᠭᠡᠷᠡᠴᠢᠯᠡᠯᠲᠡ ᠶᠢᠨ ᠵᠢᠯᠤᠭᠤᠳᠬᠤ | ᠦᠵᠡᠯ ᠰᠠᠨᠠᠭ᠎ᠠ᠂ ᠬᠠᠷᠠᠯᠲᠠ ᠵᠠᠷᠴᠢᠮ ᠪᠠ ᠭᠤᠣᠯᠳᠠᠯᠭ᠎ᠠ ᠲᠠᠢ ᠡᠭᠦᠷᠭᠡ ᠵᠡᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ | ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ | ᠭᠡᠵᠦ ᠰᠠᠨᠠᠯ ᠨᠢᠭᠡᠲᠡᠢ ᠦᠵᠡᠵᠡᠭᠡᠬᠦ ᠶᠢᠨ ᠬᠠᠮᠲᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠬᠥᠮᠥᠨ ᠠᠮᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢᠨ | ᠴᠢᠨᠠᠷᠲᠠᠢ ᠬᠠᠷᠰᠢ ᠰᠠᠭᠠᠳ ᠢ ᠠᠷᠢᠯᠭᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ | ᠵᠣᠬᠢᠴᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ | ᠰᠢᠨ᠎ᠡ ᠶᠢ ᠡᠭᠦᠳᠬᠦ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ | ᠳᠤᠷᠠᠳᠪᠠ᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ ᠶᠠᠭᠤᠨ ᠤ ᠡᠮᠦᠨ᠎ᠡ ᠨᠠᠮ ᠤᠨ ᠲᠥᠪ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠬᠤ ᠪᠣᠳᠣᠯᠬᠢᠯᠠᠯ ᠪᠣᠯᠣᠨ ᠪᠢᠴᠢᠭ | ᠮᠠᠲ᠋ᠧᠷᠢᠶᠠᠯ ᠢ ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠠᠷᠠᠳᠴᠢᠯᠠᠯ ᠢ | ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠬᠤ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ᠂ | ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠢᠮᠠᠭᠲᠠ ᠶᠢᠨ ᠠᠷᠭ᠎ᠠ ᠪᠠ ᠰᠢᠯᠢᠳᠡᠭ ᠤᠯᠠᠮᠵᠢᠯᠠᠯ ᠮᠥᠨ᠃ | ᠨᠢᠳᠤᠨᠤᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ | ᠹᠷᠣᠨᠲ ᠤᠨ ᠬᠡᠯᠲᠡᠰ ᠲᠤ ᠨᠠᠶᠢᠳᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠨᠠᠮ ᠤᠨ ᠭᠠᠳᠠᠨᠠᠬᠢ | ᠬᠥᠮᠥᠰ ᠤᠨ ᠰᠠᠨᠠᠯ ᠰᠠᠨᠠᠭᠤᠯᠭ᠎ᠠ ᠶᠢ ᠲᠤᠰᠬᠠᠶᠢᠯᠠᠨ ᠬᠤᠷᠢᠶᠠᠪᠠ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠲᠤᠷᠰᠢᠯᠭ᠎ᠠ᠂ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠵᠢᠷᠤᠮᠯᠠᠬᠤ ᠴᠢᠬᠤᠯᠠᠲᠠᠢ ᠴᠢᠬᠤᠯᠠ ᠵᠠᠷᠴᠢᠮ᠂ ᠡᠯ᠎ᠡ ᠬᠦᠷᠢᠶᠡᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ | ᠨᠠᠮ ᠤᠨ ᠭᠠᠳᠠᠨᠠᠬᠢ ᠬᠥᠮᠥᠰ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠦᠢᠯᠡᠳᠦᠯ ᠢ | ᠪᠠᠳᠠᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠴᠥᠭᠡᠨ ᠪᠤᠰᠤ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ | ᠳᠤᠷᠠᠳᠴᠠᠢ᠃ ᠤᠯᠠᠨ ᠢᠶᠠᠷ ᠢᠶᠠᠨ ᠰᠠᠶ᠋ᠢ ᠶᠢᠨ ᠶᠠᠷᠢᠶᠠᠨ ᠳᠠᠭᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠂ ᠪᠢᠳᠠ | ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠤᠨ᠎ᠠ ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠪᠡᠯ | ᠠᠰᠠᠭᠤᠳᠠᠯ ᠳᠤ ᠰᠢᠭᠤᠳ ᠬᠠᠨᠳᠤᠬᠤ ᠬᠡᠷᠡᠭᠲᠡᠢ᠃ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠠᠷᠠᠳ ᠤᠨ | ᠰᠡᠳᠬᠢᠯ ᠤᠨ ᠬᠠᠨᠳᠤᠰᠢ ᠳᠤ ᠵᠣᠬᠢᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ | ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠵᠦ ᠪᠠᠶᠢᠭ᠎ᠠ ᠬᠠᠯᠠᠮᠰᠢᠯ ᠠᠰᠠᠭᠤᠳᠠᠯ᠂ | ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠴᠢᠷ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠲᠣᠪᠣᠶᠢᠮ᠎ᠠ | ᠠᠰᠠᠭᠤᠳᠠᠯ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠥᠭᠡᠷᠡᠴᠢᠯᠡᠯᠲᠡ ᠶᠢᠨ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ | ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ | ᠦᠷᠭᠦᠯᠵᠢᠯᠡᠨ ᠪᠦᠭᠦ ᠲᠠᠯ᠎ᠠ ᠳᠤ ᠬᠦᠴᠦ ᠣᠷᠣᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠲᠣᠪᠣᠶᠢᠮ᠎ᠠ ᠠᠰᠠᠭᠤᠳᠠᠯ ᠳᠤ ᠪᠦᠭᠦ | ᠲᠠᠯ᠎ᠠ ᠪᠠᠷ ᠪᠦᠷᠬᠦᠭᠦᠯᠬᠦ ᠭᠡᠷᠡᠭᠲᠡᠢ︔ ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠬᠦᠴᠦ ᠣᠷᠣᠭᠤᠯᠵᠤ᠂ | ᠠᠵᠤ ᠠᠬᠤᠢ ᠶᠢᠨ ᠪᠠᠶᠢᠭᠤᠯᠤᠯ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠠᠷᠢᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ | ᠬᠦᠴᠦ ᠨᠢᠭᠡᠲᠡᠢ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ | ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠠᠴᠠ | ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ | ᠴᠢᠬᠤᠯᠠᠴᠢᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ | ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠨ᠂ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠣᠯᠣᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ | ᠪᠦᠭᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ | ᠴᠢᠩᠭᠠᠳᠬᠠᠵᠤ᠂ ᠬᠥᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠰᠢᠰᠲ᠋ᠧᠮ ᠤᠨ ᠬᠤᠷᠠᠮᠠᠯ ᠢ ᠨᠡᠩ ᠢᠯᠡᠭᠦᠦ | ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ | ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠢᠵᠢᠯ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠠᠰᠢᠭ ᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ | ᠭᠠᠵᠠᠷ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶᠡᠨ ᠳᠤ ᠥᠭᠡᠷᠡᠴᠢᠯᠡᠯᠲᠡ ᠶᠢ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ᠂ ᠬᠠᠷᠢᠯᠴᠠᠨ ᠬᠠᠷᠰᠢᠯᠠᠬᠤ ᠶᠢ | ᠡᠷᠡᠰ ᠰᠡᠷᠭᠡᠶᠢᠯᠡᠨ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠬᠢᠬᠦ ᠳᠤ ᠲᠥᠯᠦᠪᠵᠢᠭᠦᠯᠭᠡ ᠬᠢᠬᠦ ᠶᠢ ᠴᠢᠬᠤᠯᠠᠴᠢᠯᠠᠵᠤ᠂ | ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ | ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠡᠯᠪᠡᠷᠢ ᠶᠢᠨ ᠦᠵᠡᠯ ᠢ | ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ | ᠰᠦᠢᠳᠬᠡᠬᠦ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ᠃ ᠬᠡᠷᠡᠭᠵᠢᠭᠦᠯᠬᠦ ᠲᠥᠰᠥᠯ ᠢ | ᠰᠠᠶᠢᠲᠤᠷ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠴᠠᠭ ᠲᠤᠨᠢ ᠲᠣᠬᠢᠷᠠᠭᠤᠯᠤᠨ | ᠲᠣᠬᠢᠷᠠᠮᠵᠢᠲᠠᠢ ᠪᠠᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠢᠵᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ | ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠤᠷᠢᠳᠠᠪᠠᠷ ᠰᠢᠨ᠎ᠡ ᠶᠢ ᠪᠠᠶᠢᠭᠤᠯᠤᠨ ᠰᠡᠭᠦᠯᠡᠷ ᠨᠢ ᠬᠠᠭᠤᠴᠢᠨ ᠢ ᠡᠪᠳᠡᠬᠦ ᠶᠢ ᠴᠢᠬᠤᠯᠠᠴᠢᠯᠠᠵᠤ᠂ | ᠪᠠᠶᠢᠭᠤᠯᠤᠭᠠᠳᠤᠢ ᠪᠠᠷ ᠤᠷᠢᠳᠠᠪᠠᠷ ᠡᠪᠳᠡᠵᠦ ᠪᠤᠯᠬᠤ ᠦᠭᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ | ᠺᠠᠳ᠋ᠷ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠲᠥᠪ | ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠥᠩ᠂ ᠾᠧ ᠯᠢ ᠹᠧᠩ᠂ ᠵᠠᠩ ᠭᠦᠸᠧ ᠴᠢᠩ᠂ | ᠴᠧᠨ ᠸᠧᠨ ᠴᠢᠩ᠂ ᠸᠠᠩ ᠰᠢᠶᠣᠣ ᠬᠤᠩ᠂ ᠮᠦ ᠬᠤᠩ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ | ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ | ᠵᠢᠶᠠᠩ ᠯᠢ ᠫᠢᠩ᠂ ᠹᠠᠩ ᠭᠤᠸᠠᠩ ᠬᠤᠸᠠ᠂ ᠶᠠᠩ ᠬᠤᠸᠠ ᠶᠦᠩ ᠨᠠᠷ ᠪᠤᠢ᠃ | |