| ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠄ | ︽ᠤᠯᠠᠭᠠᠨᠴᠠᠪ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ | ᠪᠠᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠴᠠᠪ ᠡᠮᠴᠢᠯᠡᠭᠡ ᠪᠠᠲᠤᠯᠠᠭ᠎ᠠ ᠡᠮ ᠬᠤᠳᠠᠯᠳᠤᠨ | ᠠᠪᠬᠤ ᠥᠰᠥᠭ ﹇2022﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 | ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ | ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ ᠢ ᠢᠯᠡ ᠨᠡᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠢᠯᠡ ᠨᠡᠶᠢᠲᠡᠯᠡᠬᠦ ᠠᠭᠤᠯᠭ᠎ᠠ | 2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 7 ᠳ᠋ᠤᠭᠠᠷ ᠰᠠᠷ᠎ᠠ ᠶᠢᠨ 9 ᠤ ᠡᠳᠦᠷ – 7 ᠳ᠋ᠤᠭᠠᠷ ᠰᠠᠷ᠎ᠠ ᠶᠢᠨ 15 ᠤ ᠡᠳᠦᠷ | ᠭᠤᠷᠪᠠ᠂ ᠪᠤᠰᠤᠳ ᠱᠠᠭᠠᠷᠳᠠᠯᠭ᠎ᠠ | ︵ᠨᠢᠭᠡ︶ ᠡᠯ᠎ᠡ ᠠᠵᠤ ᠠᠬᠤᠶᠢᠯᠠᠯ ᠨᠢ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ | ︽ᠬᠡᠨ ᠵᠣᠷᠢᠭᠰᠠᠨ ᠪᠣᠯ ᠬᠡᠨ ᠭᠡᠷᠡᠴᠢ ᠭᠠᠷᠭᠠᠬᠤ︾ ᠵᠠᠷᠴᠢᠮ ᠶᠣᠰᠣᠭᠠᠷ᠂ ᠢᠯᠡ ᠨᠡᠶᠢᠲᠡᠯᠡᠬᠦ ᠬᠤᠭᠤᠴᠠᠭᠠᠨ ᠳᠤ | ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢ ᠮᠠᠲ᠋ᠧᠷᠢᠶᠠᠯ ᠬᠠᠩᠭᠠᠵᠤ᠂ ᠬᠤᠭᠤᠴᠠᠭ᠎ᠠ ᠶᠢ | ᠥᠩᠭᠡᠷᠡᠭᠡᠭᠰᠡᠨ ᠤ ᠳᠠᠷᠠᠭ᠎ᠠ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃ | ︵ᠬᠤᠶᠠᠷ︶ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠢᠯᠢᠨ ᠰᠣᠩᠭᠤᠬᠤ ᠪᠠᠷ | ᠳᠡᠮᠵᠢᠨ ᠬᠤᠯᠪᠣᠭᠳᠠᠯ ᠪᠥᠬᠦᠶ ᠠᠵᠤ ᠠᠬᠤᠶᠢᠯᠠᠯ ᠨᠢ ᠳᠦᠷᠢ ᠶᠢᠨ ᠭᠡᠷᠡᠴᠢᠯᠡᠯ ᠭᠤᠶᠤᠴᠢᠯᠠᠬᠤ ᠠᠴᠠ ᠡᠮᠦᠨ᠎ᠡ᠂ | ᠡᠷᠬᠡᠪᠰᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠤᠨ ᠲᠠᠩᠰᠠᠨ ᠨᠣᠮᠧᠷ ᠢ ᠳᠠᠩᠰᠠᠯᠠᠵᠤ ᠣᠯᠬᠤ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠂ | ᠳᠦᠷᠢ ᠶᠢᠨ ᠭᠡᠷᠡᠴᠢᠯᠡᠯ ᠬᠢᠬᠦ ᠦᠶ᠎ᠡ ᠳᠤ ᠨᠢᠭᠡᠴᠢ ᠶᠢᠨ ᠳᠦᠷᠢ ᠶᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢᠶᠠᠷ | ᠰᠣᠩᠭᠤᠬᠤ ᠶᠢ ᠠᠩᠬᠠᠷᠴᠤ᠂ ᠭᠡᠷᠡᠴᠢᠯᠡᠯ ᠬᠢᠭᠡᠳ ᠠᠮᠵᠢᠯᠲᠠ ᠣᠯᠤᠭᠰᠠᠨ ᠤ ᠳᠠᠷᠠᠭ᠎ᠠ ᠰᠠᠨᠠᠭᠤᠯᠤᠮᠵᠢ ᠶᠢᠨ | ᠱᠠᠭᠠᠷᠳᠠᠯᠭ᠎ᠠ ᠶᠣᠰᠣᠭᠠᠷ ᠬᠤᠯᠪᠣᠭᠳᠠᠯ ᠪᠥᠬᠦᠶ ᠠᠵᠢᠯᠯᠠᠭ᠎ᠠ ᠶᠢ ᠪᠡᠶᠡᠯᠡᠭᠦᠯᠵᠦ᠂ ᠬᠢᠨᠠᠨ ᠬᠠᠷᠭᠤᠭᠤᠯᠵᠤ | ᠪᠠᠲᠤᠯᠠᠭᠳᠠᠭᠰᠠᠨ ᠤ ᠳᠠᠷᠠᠭ᠎ᠠ᠂ ᠮᠠᠨ ᠤ ᠭᠠᠵᠠᠷ ᠲᠤ ᠤᠲᠠᠰᠤᠳᠠᠵᠤ ᠳᠣᠭᠢᠷᠠᠭᠤᠯᠤᠨ ᠬᠦᠷᠭᠡᠬᠦ ᠶᠢ ᠨᠡᠪᠲᠡᠷᠡᠭᠦᠯᠬᠦ ᠶᠢ | ᠭᠤᠶᠤᠴᠢᠯᠠᠵᠤ ᠪᠣᠯᠤᠨ᠎ᠠ᠃ | ︵ᠭᠤᠷᠪᠠ︶ ᠳᠠᠩᠰᠠᠯᠠᠯ ᠭᠡᠷᠡᠴᠢᠯᠡᠯ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠶᠢᠨ ᠬᠠᠮᠲᠤ ᠨᠡᠪᠲᠡᠷᠡᠭᠦᠯᠬᠦ ᠪᠠᠷ | ᠭᠤᠶᠤᠴᠢᠯᠠᠭᠰᠠᠨ ᠬᠤᠯᠪᠣᠭᠳᠠᠯ ᠪᠦᠬᠦᠢ ᠠᠵᠤ ᠠᠬᠤᠶᠢᠯᠠᠯ ᠡᠷᠬᠡᠪᠰᠢ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠰᠢᠰᠲ᠋ᠧᠮ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ᠂ | ᠭᠠᠵᠠᠷ ᠣᠷᠣᠨ ᠨᠢ ᠤᠯᠠᠭᠠᠨᠴᠠᠪ ᠬᠤᠲᠠ ᠶᠢ ᠰᠣᠩᠭᠤᠵᠤ᠂ ᠬᠦᠷᠭᠡᠬᠦ ᠬᠠᠷᠢᠴᠠᠭ᠎ᠠ ᠶᠢᠨ ᠪᠠᠶᠢᠳᠠᠯ ᠢ ᠠᠶᠢᠮᠠᠭ | ᠬᠤᠲᠠ ᠶᠢᠨ ᠪᠠᠶᠢᠭᠤᠯᠤᠮᠵᠢ ᠪᠠᠷ ᠨᠤᠲᠠᠯᠠᠭᠤᠯᠤᠭᠰᠠᠨ ᠤ ᠳᠠᠷᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ ᠨᠢ 3 | ᠠᠵᠢᠯᠯᠠᠬᠤ ᠡᠳᠦᠷ ᠤᠨ ᠳᠣᠲᠣᠷ᠎ᠠ ᠨᠤᠲᠠᠯᠠᠨ ᠲᠣᠭᠲᠠᠭᠠᠬᠤ ᠠᠵᠢᠯᠯᠠᠭ᠎ᠠ ᠶᠢ ᠪᠡᠶᠡᠯᠡᠭᠦᠯᠵᠦ᠂ ᠲᠤᠬᠠᠶ ᠶᠢᠨ | ᠲᠠᠯᠠᠪᠤᠷ ᠲᠤ ᠪᠢᠴᠢᠭ ᠤᠨ ᠬᠡᠯᠡᠯᠴᠡᠭᠡᠷ ᠢ ᠲᠤᠰᠢᠶᠠᠬᠤ ᠴᠢᠬᠤᠯᠠ ᠦᠭᠡᠢ᠃ | ︵ᠲᠦᠷᠪᠡ︶ ᠰᠢᠯᠢᠨ ᠰᠣᠩᠭᠤᠭᠳᠠᠭᠰᠠᠨ ᠬᠤᠯᠪᠣᠭᠳᠠᠯ ᠪᠥᠬᠦᠶ ᠠᠵᠤ ᠠᠬᠤᠶᠢᠯᠠᠯ ᠤᠳ ᠮᠠᠨ ᠤ ᠭᠠᠵᠠᠷ ᠲᠤ | ᠤᠲᠠᠰᠤᠳᠠᠵᠤ ᠳ᠋ᠢᠩ ᠳ᠋ᠢᠩ ᠠᠵᠢᠯ ᠤᠨ ᠴᠤᠭᠯᠠᠷᠠᠯ ᠤᠨ ᠳ᠋ᠤᠭᠠᠷ ᠢ ᠣᠯᠵᠤ᠂ ᠤᠯᠠᠭᠠᠨᠴᠠᠪ ᠬᠤᠲᠠ ᠶᠢᠨ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯ ᠤᠨ ᠴᠤᠭᠯᠠᠷᠠᠯ ᠳᠤ ᠣᠷᠣᠵᠤ᠂ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠳᠣᠭᠢᠷᠠᠭᠤᠯᠤᠨ ᠬᠦᠷᠭᠡᠬᠦ ᠠᠵᠢᠯᠯᠠᠭ᠎ᠠ ᠶᠢ ᠥᠷᠨᠢᠭᠦᠯᠵᠦ ᠪᠣᠯᠤᠨ᠎ᠠ᠃ | ᠬᠠᠷᠢᠯᠴᠠᠬᠤ ᠤᠲᠠᠰᠤ᠄ 0474-8159042 | ᠢᠮᠧᠯ᠄ wlcbpsbm@163.com | | ᠳᠠᠭᠠᠯᠳᠤᠭᠤᠯᠤᠯ᠄ ᠤᠯᠠᠭᠠᠨᠴᠠᠪ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ | ᠳ᠋ᠦᠩ | | ᠤᠯᠠᠭᠠᠨᠴᠠᠪ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 7 ᠳ᠋ᠤᠭᠠᠷ ᠰᠠᠷ᠎ᠠ ᠶᠢᠨ 9 ᠤ ᠡᠳᠦᠷ | | | |