| ᠥᠪᠥᠷ ᠡᠮ ᠡᠮᠨᠡᠯᠭᠡ ᠶᠢᠨ ᠬᠤᠳᠠᠯᠳᠤᠨ ᠠᠪᠬᠤ ᠲᠥᠪ ﹇2024 ﹈ 147 ᠳ᠋ᠤᠭᠠᠷ ᠲᠣᠭᠠᠲᠤ | | ᠡᠯ᠎ᠡ ᠬᠤᠯᠪᠣᠭᠳᠠᠯ ᠪᠦᠬᠦᠢ ᠨᠢᠭᠡᠴᠢ᠄ | ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2023 ᠣᠨ︶ ᠢ ᠬᠡᠷᠡᠭᠵᠢᠭᠦᠯᠬᠦ | ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2023﹈ 22 ᠳ᠋ᠤᠭᠡᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠡᠳᠦᠭᠡ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠳᠠᠪᠤᠰᠤᠨ ᠬᠦᠴᠢᠯ | ᠠᠶᠢᠺᠡᠲ᠋ᠢᠨᠢ ᠢᠯᠲᠠᠰᠤ ᠵᠡᠷᠭᠡ ᠡᠮ ᠤᠨ ᠵᠦᠢᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠶ᠎ᠡ᠃ ᠡᠯ᠎ᠡ | ᠮᠡᠳᠡᠭᠦᠯᠦᠭᠰᠡᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠳᠠᠭᠠᠭᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾—︽ᠪᠠᠶᠢᠳᠠᠯ ᠤᠨ | ᠲᠣᠬᠢᠷᠠᠭᠤᠯᠤᠯᠲᠠ ᠬᠠᠮᠢᠶᠠᠷᠤᠯᠲᠠ︾ ᠳᠤ ᠣᠷᠣᠵᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠡᠮ ᠤᠨ ᠵᠦᠢᠯ ᠤᠨ | ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃ | ᠬᠢᠨᠠᠨ ᠬᠠᠷᠭᠤᠭᠤᠯᠤᠭᠠᠳ ᠪᠠᠲᠤᠯᠠᠭᠰᠠᠨ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ | ᠣᠷᠣᠯᠠᠭᠤᠯᠤᠨ᠎ᠠ᠃ ᠡᠯ᠎ᠡ ᠨᠢᠭᠡᠴᠢ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠮ ᠤᠨ ᠵᠦᠢᠯ ᠬᠤᠳᠠᠯᠳᠤᠨ | ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ | ᠬᠠᠷᠢᠯᠴᠠᠬᠤ ᠤᠲᠠᠰᠤ᠄ ᠵᠠᠩ ᠪᠠᠭᠰᠢ 0471- 4904007 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 7 ᠳ᠋ᠤᠭᠠᠷ ᠰᠠᠷ᠎ᠠ ᠶᠢᠨ 9 ᠤ ᠡᠳᠦᠷ | |